ᠵᠠᠰᠠᠭ ᠤᠨ ᠭᠠᠵᠠᠷ ᠤᠨ ᠬᠡᠷᠡᠭᠵᠢᠭᠦᠯᠦᠭᠴᠢ ᠠᠭᠧᠨᠲᠯᠢᠭ ᠪᠡᠶ᠎ᠡ ᠶᠢᠨ ᠲᠠᠮᠢᠷ᠂ ᠰᠫᠣᠷᠲ ᠤᠨ ᠭᠠᠵᠠᠷ ᠤᠨ ᠳᠠᠷᠤᠭ᠎ᠠ ᠶᠢᠨ 2019 ᠣᠨ ᠤ 28 ᠲᠣᠭᠠᠲᠤ ᠲᠤᠰᠢᠶᠠᠯ ᠢᠶᠠᠷ ᠪᠠᠶᠠᠨ-ᠥᠯᠥᠭᠡᠢ ᠠᠶᠢᠮᠠᠭ ᠤᠨ ᠲᠠᠪᠤᠨ ᠲᠠᠶ᠋ᠸᠺᠸᠤᠨᠳᠤ᠋ ᠶᠢᠨ ᠲᠠᠮᠢᠷᠴᠢᠨ ᠳᠤ ᠰᠫᠣᠷᠲ ᠤᠨ ᠮᠠᠰᠲ᠋ᠸᠷ ᠴᠣᠯᠠ ᠣᠯᠭᠤᠵᠠᠢ᠃
ᠮᠣᠩᠭᠣᠯ ᠤᠯᠤᠰ ᠤᠨ ᠰᠫᠣᠷᠲ ᠤᠨ ᠮᠠᠰᠲ᠋ᠸᠷ ᠬᠡᠮᠡᠬᠦ ᠡᠷᠬᠢᠮ ᠬᠦᠨᠳᠦ ᠲᠡᠢ ᠴᠣᠯᠠ ᠶᠢᠨ ᠡᠵᠡᠳ ᠪᠣᠯᠤᠭᠰᠠᠨ ᠲᠠᠮᠢᠷᠴᠢᠨ ᠠ᠊∙ᠨᠠᠨᠳᠢᠨᠵᠠᠶᠠᠭᠠ᠂ ᠪ∙ᠠᠰᠢᠮ᠂ ᠮ∙ᠠᠶᠢᠪᠠᠲ᠂ ᠪ∙ᠠᠾᠮᠠᠷᠠᠯ᠂ ᠶ∙ ᠠᠨᠠᠷ ᠪᠣᠯᠤᠨ ᠳᠠᠰᠬᠠᠯᠵᠢᠭᠤᠯᠤᠭᠴᠢ ᠱ∙ᠶᠡᠷᠤᠯᠠᠨ ᠢ ᠠᠶᠢᠮᠠᠭ ᠤᠨ ᠪᠡᠶ᠎ᠡ ᠶᠢᠨ ᠲᠠᠮᠢᠷ᠂ ᠰᠫᠣᠷᠲ ᠤᠨ ᠭᠠᠵᠠᠷ ᠤᠨ ᠳᠠᠷᠤᠭ᠎ᠠ ᠬ∙ᠬᠠᠶᠢᠨᠠᠷ ᠥᠨᠥᠳᠥᠷ ᠬᠦᠯᠢᠶᠡᠨ ᠠᠪᠴᠤ ᠠᠭᠤᠯᠵᠠᠵᠤ᠂ ᠴᠣᠯᠠᠨ ᠤ ᠦᠨᠡᠮᠯᠡᠬᠦ᠂ ᠡᠩᠭᠡᠷ ᠦᠨ ᠲᠡᠮᠳᠡᠭ ᠭᠠᠷᠳᠠᠭᠤᠯᠵᠤ ᠥᠭᠭᠦᠯ᠎ᠡ᠃ ᠳᠡᠭᠡᠷᠡᠬᠢ ᠲᠠᠮᠢᠷᠴᠢᠳ ᠤᠨ ᠬᠤᠪᠢ ᠳᠤ ᠠᠽᠢᠶ᠎ᠠ ᠶᠢᠨ ᠠᠪᠤᠷᠭᠤ ᠰᠢᠯᠭᠠᠷᠠᠭᠤᠯᠬᠤ ᠲᠡᠮᠡᠴᠡᠭᠡᠨ᠂ ᠣᠯᠠᠨ ᠤᠯᠤᠰ ᠤᠨA ᠵᠡᠷᠭᠡᠯᠡᠯ ᠦᠨ ᠪᠣᠯᠤᠨ ᠤᠯᠤᠰ ᠤᠨ ᠠᠪᠤᠷᠭᠤ ᠰᠢᠯᠭᠠᠷᠠᠭᠤᠯᠬᠤ ᠲᠡᠮᠡᠴᠡᠭᠡᠨ ᠨᠦᠭᠦᠳ ᠲᠦ ᠠᠮᠵᠢᠯᠲᠠᠲᠠᠢ ᠣᠷᠣᠯᠴᠠᠵᠤ᠂ ᠤᠳᠠᠭ᠎ᠠ ᠳᠠᠷᠠᠭ᠎ᠠ ᠮᠸᠳᠠᠯᠲᠤ ᠪᠠᠶᠢᠷᠢᠨ ᠳᠤ ᠰᠢᠯᠭᠠᠷᠠᠨ ᠡᠬᠡ ᠣᠷᠣᠨ᠂ ᠠᠶᠢᠮᠠᠭ ᠤᠨ ᠢᠶᠠᠨ ᠨᠡᠷ᠎ᠡ ᠶᠢ ᠥᠨᠳᠥᠷ ᠲᠦ ᠡᠷᠭᠦᠵᠦ ᠶᠠᠪᠤᠭ᠎ᠠ ᠶᠤᠮ᠃
ᠪᠠᠶᠠᠨ-ᠥᠯᠥᠭᠡᠢ ᠠᠶᠢᠮᠠᠭ ᠲᠤ ᠰᠡᠭᠦᠯ ᠦᠨ ᠵᠢᠯ ᠦᠳ ᠲᠦ ᠲᠠᠶ᠋ᠸᠺᠸᠤᠨᠳᠤ᠋ ᠶᠢᠨ ᠰᠫᠣᠷᠲ ᠡᠷᠴᠢᠮᠲᠡᠢ ᠬᠥᠭᠵᠢᠵᠦ ᠪᠠᠶᠢᠭ᠎ᠠ ᠪᠠ ᠲᠤᠰ ᠠᠶᠢᠮᠠᠭ ᠤᠨ ᠲᠠᠮᠢᠷᠴᠢᠳ 2018 ᠣᠨ ᠳᠤ ᠠᠮᠵᠢᠯᠲᠠ ᠪᠠᠷ ᠢᠶᠠᠨ ᠤᠯᠤᠰ ᠤᠨ ᠬᠡᠮᠵᠢᠶᠡᠨ ᠳᠦ ᠬᠣᠶᠠᠳᠤᠭᠠᠷ ᠪᠠᠶᠢᠷᠢ ᠳᠤ ᠣᠷᠣᠵᠤ ᠪᠠᠶᠢᠴᠠᠢ᠃ ᠥᠨᠥᠳᠥᠷ ᠦᠨ ᠪᠠᠶᠢᠳᠠᠯ ᠢᠶᠠᠷ ᠰᠫᠣᠷᠲ ᠤᠨ ᠲᠤᠬᠠᠢ ᠶᠢᠨ ᠲᠥᠷᠥᠯ ᠢᠶᠡᠷ ᠭᠤᠷᠪᠠᠨ ᠣᠯᠠᠨ ᠤᠯᠤᠰ ᠤᠨ ᠬᠡᠮᠵᠢᠶᠡᠨ ᠦ ᠮᠠᠰᠲ᠋ᠸᠷ᠂ 16 ᠰᠫᠣᠷᠲ ᠤᠨ ᠮᠠᠰᠲ᠋ᠸᠷ ᠲᠥᠷᠥᠨ ᠭᠠᠷᠤᠭᠠᠳ ᠪᠠᠶᠢᠨ᠎ᠠ ᠃