ᠮᠣᠩᠭᠣᠯ ᠤᠯᠤᠰ 2019 ᠣᠨ ᠤ 1 ᠳ᠋ᠤᠭᠡᠷ ᠰᠠᠷ᠎ᠠ ᠳᠤ ᠨᠡᠶᠢᠲᠡ 105 ᠤᠯᠤᠰ ᠲᠠᠢ ᠬᠤᠳᠠᠯᠳᠤᠭ᠎ᠠ ᠬᠢᠵᠦ᠂ ᠭᠠᠳᠠᠭᠠᠳᠤ ᠬᠤᠳᠠᠯᠳᠤᠭᠠᠨ ᠤ ᠨᠡᠶᠢᠲᠡ ᠪᠠᠷᠠᠭ᠎ᠠ ᠡᠷᠭᠢᠯᠲᠡ 1.1 ᠲᠡᠷᠪᠤᠮ ᠳ᠋ᠣᠯᠯᠠᠷ᠂ ᠡᠭᠦᠨ ᠡᠴᠡ ᠡᠺᠰᠫᠣᠷᠲ 607.3 ᠰᠠᠶ᠎ᠠ ᠳ᠋ᠣᠯᠯᠠᠷ᠂ ᠢᠮᠫᠣᠷᠲ 504.0 ᠰᠠᠶ᠎ᠠ ᠳ᠋ᠣᠯᠯᠠᠷ ᠲᠤ ᠬᠦᠷᠦᠯ᠎ᠡ ᠃
ᠨᠡᠶᠢᠲᠡ ᠪᠠᠷᠠᠭ᠎ᠠ ᠡᠷᠭᠢᠯᠲᠡ ᠶᠢᠨ ᠬᠡᠮᠵᠢᠶ᠎ᠡ ᠡᠮᠦᠨᠡᠬᠢ ᠣᠨ ᠤ ᠮᠥᠨ ᠦᠶ᠎ᠡ ᠡᠴᠡ 326.3 ︵41.6%︶ ᠰᠠᠶ᠎ᠠ ᠳ᠋ᠣᠯᠯᠠᠷ᠂ ᠡᠭᠦᠨ ᠡᠴᠡ ᠡᠺᠰᠫᠣᠷᠲ 183.4 ︵43.3%︶ ᠰᠠᠶ᠎ᠠ ᠳ᠋ᠣᠯᠯᠠᠷ ᠢᠶᠠᠷ᠂ ᠢᠮᠫᠣᠷᠲ 142.8 ︵39.6%︶ ᠰᠠᠶ᠎ᠠ ᠳ᠋ᠣᠯᠯᠠᠷ ᠢᠶᠠᠷ ᠲᠤᠰ ᠲᠤᠰ ᠥᠰᠦᠭᠰᠡᠨ ᠪᠠᠶᠢᠨ᠎ᠠ᠃ ᠭᠠᠳᠠᠭᠠᠳᠤ ᠬᠤᠳᠠᠯᠳᠤᠭᠠᠨ ᠤ ᠲᠡᠩᠴᠡᠯ 2018 ᠣᠨ ᠤ 1 ᠳ᠋ᠤᠭᠡᠷ ᠰᠠᠷ᠎ᠠ ᠳᠤ 62.7 ᠰᠠᠶ᠎ᠠ ᠳ᠋ᠣᠯᠯᠠᠷ ᠤᠨ ᠠᠰᠢᠭ ᠲᠠᠢ ᠭᠠᠷᠴᠤ ᠪᠠᠶᠢᠭᠰᠠᠨ ᠪᠣᠯ 2019 ᠣᠨ ᠤ 1 ᠳ᠋ᠤᠭᠡᠷ ᠰᠠᠷ᠎ᠠ ᠳᠤ ᠡᠮᠦᠨᠡᠬᠢ ᠣᠨ ᠤ ᠮᠥᠨ ᠦᠶ᠎ᠡ ᠡᠴᠡ 40.6 ︵64.7%︶ ᠰᠠᠶ᠎ᠠ ᠳ᠋ᠣᠯᠯᠠᠷ ᠢᠶᠠᠷ ᠥᠰᠴᠦ 103.3 ᠰᠠᠶ᠎ᠠ ᠳ᠋ᠣᠯᠯᠠᠷ ᠪᠣᠯᠵᠠᠢ᠃ ᠡᠺᠰᠫᠣᠷᠲ 2019 ᠣᠨ ᠤ 1 ᠳ᠋ᠤᠭᠡᠷ ᠰᠠᠷ᠎ᠠ ᠳᠤ ᠡᠮᠦᠨᠡᠬᠢ ᠣᠨ ᠤ ᠮᠥᠨ ᠦᠶ᠎ᠡ ᠡᠴᠡ 183.4 ᠰᠠᠶ᠎ᠠ ᠳ᠋ᠣᠯᠯᠠᠷ ᠢᠶᠠᠷ ᠥᠰᠬᠦ ᠳᠦ ᠡᠷᠦᠳᠡᠰᠦ ᠪᠦᠲᠦᠭᠡᠭᠳᠡᠬᠦᠨ ᠦ ᠡᠺᠰᠫᠣᠷᠲ 73.9 ᠰᠠᠶ᠎ᠠ ᠳ᠋ᠣᠯᠯᠠᠷ᠂ ᠦᠨᠡᠲᠦ᠂ ᠬᠠᠭᠠᠰ ᠦᠨᠡᠲᠦ ᠴᠢᠯᠠᠭᠤ᠂ ᠮᠧᠲ᠋ᠠᠯ ᠭᠤᠶᠤᠯᠠᠯ ᠤᠨ ᠵᠦᠢᠯᠡᠰ ᠦᠨ ᠡᠺᠰᠫᠣᠷᠲ 102.9 ᠰᠠᠶ᠎ᠠ ᠳ᠋ᠣᠯᠯᠠᠷ ᠢᠶᠠᠷ ᠥᠰᠦᠭᠰᠡᠨ ᠨᠢ ᠭᠣᠣᠯᠯᠠᠨ ᠨᠥᠯᠦᠭᠡᠯᠡᠭᠰᠡᠨ ᠪᠠᠶᠢᠨ᠎ᠠ᠃ ᠬᠠᠷᠢᠨ ᠢᠮᠫᠣᠷᠲ ᠡᠮᠦᠨᠡᠬᠢ ᠣᠨ ᠤ ᠮᠥᠨ ᠦᠶ᠎ᠡ ᠡᠴᠡ142.8 ᠰᠠᠶ᠎ᠠ ᠳ᠋ᠣᠯᠯᠠᠷ ᠢᠶᠠᠷ ᠥᠰᠬᠦ ᠳᠦ ᠡᠷᠦᠳᠡᠰᠦ ᠪᠦᠲᠦᠭᠡᠭᠳᠡᠬᠦᠨ ᠦ ᠢᠮᠫᠣᠷᠲ 30.0 ᠰᠠᠶ᠎ᠠ ᠳ᠋ᠣᠯᠯᠠᠷ᠂ ᠡᠭᠦᠨ ᠡᠴᠡ ᠳ᠋ᠢᠽᠧᠯ ᠦᠨ ᠲᠦᠯᠡᠰᠢ 15.1 ᠰᠠᠶ᠎ᠠ ᠳ᠋ᠣᠯᠯᠠᠷ᠂ ᠮᠠᠰᠢᠨ᠂ ᠮᠧᠬᠠᠨᠢᠭ ᠲᠥᠬᠥᠭᠡᠷᠦᠮᠵᠢ᠂ ᠴᠠᠬᠢᠯᠭᠠᠨ ᠬᠡᠷᠡᠭᠰᠡᠯ᠂ ᠲᠡᠳᠡᠭᠡᠷ ᠦᠨ ᠰᠡᠯᠪᠢᠭ᠂ ᠡᠳ᠋ ᠠᠩᠭᠢ 25.6 ᠰᠠᠶ᠎ᠠ ᠳ᠋ᠣᠯᠯᠠᠷ ᠢᠶᠠᠷ᠂ ᠲᠡᠭᠡᠭᠡᠪᠦᠷᠢ ᠶᠢᠨ ᠬᠡᠷᠡᠭᠰᠡᠯ᠂ ᠲᠡᠳᠡᠭᠡᠷ ᠦᠨ ᠡᠳ᠋ ᠠᠩᠭᠢ 70.3 ᠰᠠᠶ᠎ᠠ ᠳ᠋ᠣᠯᠯᠠᠷ ᠢᠶᠠᠷ᠂ ᠦᠨᠳᠦᠰᠦᠨ ᠲᠡᠮᠦᠷᠯᠢᠭ᠂ ᠲᠡᠭᠦᠨ ᠢᠶᠡᠷ ᠬᠢᠭᠰᠡᠨ ᠪᠦᠲᠦᠭᠡᠭᠳᠡᠬᠦᠨ ᠦ ᠢᠮᠫᠣᠷᠲ 5.9 ᠰᠠᠶ᠎ᠠ ᠳ᠋ᠣᠯᠯᠠᠷ ᠢᠶᠠᠷ ᠥᠰᠦᠭᠰᠡᠨ ᠨᠢ ᠭᠣᠣᠯᠯᠠᠨ ᠨᠥᠯᠦᠭᠡᠯᠡᠵᠡᠢ᠃ ᠡᠷᠦᠳᠡᠰᠦ ᠪᠦᠲᠦᠭᠡᠭᠳᠡᠬᠦᠨ᠂ ᠨᠡᠬᠡᠮᠡᠯ ᠪᠦᠲᠦᠭᠡᠭᠳᠡᠬᠦᠨ᠂ ᠦᠨᠡᠲᠦ᠂ ᠬᠠᠭᠠᠰ ᠦᠨᠡᠲᠦ ᠴᠢᠯᠠᠭᠤ᠂ ᠮᠧᠲ᠋ᠠᠯ ᠭᠤᠶᠤᠯᠠᠯ ᠤᠨ ᠵᠦᠢᠯᠡᠰ ᠦᠨ ᠡᠺᠰᠫᠣᠷᠲ ᠨᠡᠶᠢᠲᠡ ᠡᠺᠰᠫᠣᠷᠲ ᠤᠨ 94.2 ᠬᠤᠪᠢ ᠶᠢ ᠡᠵᠡᠯᠡᠵᠦ ᠪᠠᠶᠢᠭ᠎ᠠ ᠪᠣᠯ ᠢᠮᠫᠣᠷᠲ ᠤᠨ 73.5 ᠬᠤᠪᠢ ᠶᠢ ᠡᠷᠦᠳᠡᠰᠦ ᠪᠦᠲᠦᠭᠡᠭᠳᠡᠬᠦᠨ᠂ ᠮᠠᠰᠢᠨ ᠮᠧᠬᠠᠨᠢᠭ ᠲᠥᠬᠥᠭᠡᠷᠦᠮᠵᠢ᠂ ᠴᠠᠬᠢᠯᠭᠠᠨ ᠬᠡᠷᠡᠭᠰᠡᠯ᠂ ᠲᠡᠭᠡᠭᠡᠪᠦᠷᠢ ᠶᠢᠨ ᠬᠡᠷᠡᠭᠰᠡᠯ᠂ ᠲᠡᠳᠡᠭᠡᠷ ᠦᠨ ᠡᠳ᠋ ᠠᠩᠭᠢ ᠪᠣᠯᠤᠨ ᠬᠦᠨᠡᠰᠦᠨ ᠦ ᠪᠡᠯᠡᠨ ᠪᠦᠲᠦᠭᠡᠭᠳᠡᠬᠦᠨ ᠦ ᠢᠮᠫᠣᠷᠲ ᠡᠵᠡᠯᠡᠵᠦ ᠪᠠᠶᠢᠨ᠎ᠠ᠃