ᠡᠷᠳᠡᠮᠲᠡᠳ ᠲᠦ ᠠᠺᠠᠳᠧᠮᠢᠴᠢ ᠬᠡᠷᠭᠡᠮ ᠬᠦᠷᠲᠡᠭᠡᠯ᠎ᠡ | News.MN

ᠡᠷᠳᠡᠮᠲᠡᠳ ᠲᠦ ᠠᠺᠠᠳᠧᠮᠢᠴᠢ ᠬᠡᠷᠭᠡᠮ ᠬᠦᠷᠲᠡᠭᠡᠯ᠎ᠡ

ᠮᠣᠩᠭᠣᠯ ᠤᠯᠤᠰ ᠤᠨ ᠶᠡᠷᠦᠩᠬᠡᠶᠢᠯᠡᠭᠴᠢ ᠬ∙ᠪᠠᠲᠤᠲᠤᠯᠭ᠎ᠠ ᠠᠺᠠᠳᠧᠮᠢᠴᠢ ᠬᠡᠷᠭᠡᠮ ᠬᠦᠷᠲᠡᠭᠡᠬᠦ ᠲᠤᠬᠠᠢ ᠵᠠᠷᠯᠢᠭ ᠭᠠᠷᠭᠠᠵᠤ᠂ ᠥᠨᠥᠳᠥᠷ ᠲᠥᠷᠥ ᠶᠢᠨ ᠣᠷᠳᠣᠨ ᠤ ᠶᠢᠰᠦᠨ ᠬᠦᠬᠦᠯᠲᠤ ᠴᠠᠭᠠᠨ ᠲᠤᠭᠲᠤ ᠲᠠᠩᠬᠢᠮ ᠳᠤ ᠮᠣᠩᠭᠣᠯ ᠤᠯᠤᠰ ᠤᠨ ᠰᠢᠨᠵᠢᠯᠡᠬᠦ ᠤᠬᠠᠭᠠᠨ ᠤ ᠠᠺᠠᠳᠧᠮᠢ ᠶᠢᠨ ᠶᠡᠬᠡ ᠴᠢᠭᠤᠯᠭᠠᠨ ᠠᠴᠠ ᠰᠣᠩᠭᠣᠭᠳᠠᠭᠰᠠᠨ ᠡᠷᠳᠡᠮᠲᠡᠳ ᠲᠦ ᠠᠺᠠᠳᠧᠮᠢᠴᠢ ᠬᠡᠷᠭᠡᠮ ᠬᠦᠷᠲᠡᠭᠡᠯ᠎ᠡ ᠃ 2018 ᠣᠨ ᠤ ᠠᠷᠪᠠᠨ ᠬᠣᠶᠠᠳᠤᠭᠠᠷ ᠰᠠᠷ᠎ᠠ ᠶᠢᠨ 13 ᠤ ᠡᠳᠦᠷ ᠰᠢᠨᠵᠢᠯᠡᠬᠦ ᠤᠬᠠᠭᠠᠨ ᠤ ᠠᠺᠠᠳᠧᠮᠢ ᠶᠢᠨ ᠡᠭᠡᠯᠵᠢᠲᠦ ᠶᠡᠬᠡ ᠴᠢᠭᠤᠯᠭᠠᠨ ᠪᠣᠯᠵᠤ᠂ ᠳ᠋ᠣᠺᠲ᠋ᠣᠷ ᠪ∙ᠠᠪᠢᠳᠠ᠂ ᠪ∙ᠪᠤᠷᠮᠠᠵᠠᠪ᠂ ᠰ∙ᠳᠡᠮᠪᠡᠷᠢᠯ᠂ ᠰ∙ᠴᠢᠯᠠᠭᠤᠨ᠂ ᠣ᠊∙ᠴᠢᠯᠠᠭᠤᠨᠪᠠᠭᠠᠲᠤᠷ᠂ ᠷ∙ᠱᠠᠭᠳᠤᠷᠰᠦ᠋ᠷᠦᠩ᠂ ᠬ∙ᠡᠩᠬᠡᠵᠢᠷᠭᠠᠯ ᠨᠠᠷ ᠢ ᠠᠺᠠᠳᠧᠮᠢ ᠶᠢᠨ ᠭᠡᠰᠢᠭᠦᠨ ᠢᠶᠡᠷ ᠰᠣᠩᠭᠣᠵᠠᠢ᠃
ᠶᠡᠷᠦᠩᠬᠡᠶᠢᠯᠡᠭᠴᠢ ᠬ∙ᠪᠠᠲᠤᠲᠤᠯᠭ᠎ᠠ ᠠᠺᠠᠳᠧᠮᠢᠴᠢ ᠬᠡᠷᠭᠡᠮ ᠬᠦᠷᠲᠡᠭᠡᠭᠰᠡᠨ ᠦ ᠳᠠᠷᠠᠭ᠎ᠠ᠄ ᠡᠷᠬᠢᠮ ᠬᠦᠨᠳᠦᠲᠦ  ᠠᠺᠠᠳ᠋ᠸᠮᠢᠴᠢᠳ ᠡ ᠂ ᠰᠤᠳᠤᠯᠭ᠎ᠠ ᠰᠢᠨᠵᠢᠯᠡᠭᠡᠨ ᠦ ᠨᠥᠷᠢ ᠬᠥᠳᠡᠯᠮᠦᠷᠢ᠂ ᠪᠦᠲᠦᠭᠡᠯ ᠲᠤᠭᠤᠷᠪᠢᠯ ᠢᠶᠠᠷ ᠢᠶᠠᠨ ᠰᠢᠯᠭᠠᠷᠠᠨ᠂ ᠡᠷᠳᠡᠮ ᠮᠡᠳᠡᠯᠭᠡ ᠶᠢᠨ ᠣᠷᠣᠢ ᠪᠣᠯᠤᠭᠰᠠᠨ  ︽ᠠᠺᠠᠳᠧᠮᠢᠴᠢ︾ ᠬᠡᠮᠡᠬᠦ ᠬᠡᠷᠭᠡᠮ ᠢ ᠬᠦᠷᠲᠡᠭᠰᠡᠨ ᠰᠢᠯᠢᠳᠡᠭ ᠡᠷᠳᠡᠮᠲᠡᠳ ᠲᠦ ᠪᠡᠨ ᠴᠢᠩ ᠰᠡᠳᠬᠢᠯ ᠦᠨ ᠪᠠᠶᠠᠷ ᠬᠦᠷᠭᠡᠵᠦ᠂ ᠦᠢᠯᠡᠰ ᠨᠢ ᠠᠷᠪᠢᠵᠢᠨ ᠳᠡᠯᠭᠡᠷᠡᠬᠦ ᠶᠢᠨ ᠢᠷᠦᠭᠡᠯ ᠳᠡᠪᠰᠢᠭᠦᠯᠦᠶ᠎ᠡ᠃
ᠬᠤᠪᠢᠯᠠᠢ ᠰᠡᠴᠡᠨ ᠬᠠᠭᠠᠨ ᠤ ᠪᠣᠳᠣᠯᠭ᠎ᠠ ᠪᠠᠷ ᠨᠠᠢᠮᠠᠨ ᠵᠠᠭᠤᠨ ᠤ ᠲᠡᠷᠲᠡᠭᠡ ᠰᠢᠨᠵᠢᠯᠡᠬᠦ ᠤᠬᠠᠭᠠᠨ ᠤ ᠪᠠᠶᠢᠭᠤᠯᠤᠯᠭ᠎ᠠ ᠶᠢᠨ ᠦᠨᠳᠦᠰᠦ ᠰᠠᠭᠤᠷᠢ ᠶᠢ ᠲᠠᠯᠪᠢᠵᠤ ᠪᠠᠶᠢᠭᠰᠠᠨ ᠤᠯᠠᠮᠵᠢᠯᠠᠯ ᠲᠠᠢ᠃ ᠲᠥᠷᠥ ᠶᠢᠨ ᠪᠣᠳᠣᠯᠭ᠎ᠠ ᠶᠢᠨ ᠡᠨᠡ ᠴᠢᠭ ᠱᠤᠭᠤᠮ ᠣᠳᠣ ᠴᠤ ᠬᠠᠳᠠᠭᠠᠯᠠᠭᠳᠠᠵᠤ ᠦᠨᠳᠦᠰᠦᠨ ᠦ ᠠᠶᠤᠯ ᠦᠭᠡᠢ ᠪᠠᠶᠢᠳᠠᠯ ᠤᠨ ᠦᠵᠡᠯ ᠪᠠᠷᠢᠮᠲᠠᠯᠠᠯ ᠳᠤ ᠲᠤᠰᠬᠠᠭᠳᠠᠭᠰᠠᠨ ᠪᠠᠶᠢᠳᠠᠭ᠃ ᠰᠢᠨᠵᠢᠯᠡᠬᠦ ᠤᠬᠠᠭᠠᠨ ᠤ ᠠᠺᠠᠳᠧᠮᠢ᠂ ᠶᠡᠷᠦᠩᠬᠡᠶᠢᠯᠡᠭᠴᠢ ᠶᠢᠨ ᠲᠠᠮᠠᠭ᠎ᠠ ᠶᠢᠨ ᠭᠠᠵᠠᠷ ᠬᠠᠮᠲᠤᠷᠠᠨ ᠢᠷᠭᠡᠨ ᠦ ᠲᠠᠩᠬᠢᠮ ᠳᠤ ᠲᠥᠷᠥ ᠶᠢᠨ ᠪᠣᠳᠣᠯᠭ᠎ᠠ᠂ ᠦᠢᠯᠡ ᠠᠵᠢᠯᠯᠠᠭᠠᠨ ᠳᠤ ᠡᠷᠳᠡᠮᠲᠡᠨ ᠰᠤᠳᠤᠯᠤᠭᠠᠴᠢᠳ ᠤᠨ ᠣᠷᠣᠯᠴᠠᠭ᠎ᠠ ᠶᠢ ᠨᠡᠮᠡᠭᠳᠡᠭᠦᠯᠬᠦ ᠠᠰᠠᠭᠤᠳᠠᠯ ᠢ ᠥᠷᠭᠡᠨ ᠬᠦᠷᠢᠶᠡᠨ ᠳᠦ ᠬᠡᠯᠡᠯᠴᠡᠵᠦ᠂ ᠲᠣᠳᠣᠷᠬᠠᠢ ᠣᠶᠢᠯᠠᠭᠠᠯᠴᠠᠯ ᠳᠤ ᠬᠦᠷᠦᠭᠰᠡᠨ᠃ ᠰᠠᠶᠢᠨ ᠨᠡᠶᠢᠭᠡᠮ᠂ ᠥᠨᠳᠥᠷ ᠬᠥᠭᠵᠢᠯ ᠦᠨ ᠦᠨᠳᠦᠰᠦ ᠵᠥᠪᠬᠡᠨ ᠡᠷᠳᠡᠮ ᠰᠢᠨᠵᠢᠯᠡᠭᠡ᠂ ᠡᠷᠳᠡᠮᠲᠡᠳ ᠦᠨ ᠰᠤᠳᠤᠯᠭᠠᠨ ᠳᠤ ᠯᠠ ᠪᠠᠶᠢᠳᠠᠭ᠃ ᠥᠨᠥᠳᠥᠷ ᠬᠢᠮᠢ᠂ ᠬᠢᠮᠢ ᠶᠢᠨ ᠲᠸᠭᠨᠥᠯᠥᠭᠢ ᠦᠭᠡᠢ᠂  ᠢᠨᠨᠤᠸᠠᠼ ᠦᠭᠡᠢ᠂ ᠠᠨᠠᠭᠠᠬᠤ ᠤᠬᠠᠭᠠᠨ ᠤ ᠰᠤᠳᠤᠯᠭᠠᠨ ᠦᠭᠡᠢ ᠡᠷᠡᠭᠦᠯ ᠮᠣᠩᠭᠣᠯ ᠬᠦᠮᠦᠨ ᠪᠤᠢ ᠪᠣᠯᠬᠤ ᠦᠭᠡᠢ᠂ ᠣᠳᠣ ᠡᠷᠬᠡᠰ᠂ ᠭᠧᠣᠯᠣᠭᠢ ᠶᠢᠨ ᠴᠣᠭᠴᠠ ᠰᠤᠳᠤᠯᠭ᠎ᠠ ᠦᠭᠡᠢ ᠪᠡᠷ ᠵᠥᠪ ᠠᠭᠤᠯᠠ ᠠᠭᠤᠷᠬᠠᠢ ᠬᠥᠭᠵᠢᠬᠦ ᠦᠭᠡᠢ᠂ ᠲᠡᠦᠬᠡ ᠰᠣᠶᠣᠯ ᠦᠭᠡᠢ ᠪᠡᠷ ᠦᠨ᠎ᠡ ᠴᠡᠨ᠎ᠡ ᠲᠡᠢ ᠮᠣᠩᠭᠣᠯ ᠤᠯᠤᠰ ᠢ ᠪᠤᠢ ᠪᠣᠯᠭᠠᠬᠤ ᠦᠭᠡᠢ᠂ ᠲᠧᠭᠨᠢᠭ ᠲᠧᠭᠨᠣᠯᠣᠭᠢ ᠶᠢᠨ ᠵᠥᠪ ᠰᠢᠢᠳᠦᠯ ᠦᠭᠡᠢ ᠣᠷᠴᠢᠨ ᠦᠶ᠎ᠡ ᠶᠢᠨ ᠥᠨᠳᠥᠷ ᠲᠧᠭᠨᠣᠯᠣᠭᠢ ᠡᠵᠡᠮᠰᠢᠵᠦ ᠴᠢᠳᠠᠬᠤ ᠦᠭᠡᠢ᠃ ᠲᠡᠭᠡᠪᠡᠯ ᠥᠨᠥᠳᠥᠷ ᠠᠺᠠᠳᠧᠮᠢᠴᠢ ᠬᠡᠷᠭᠡᠮ ᠣᠯᠭᠤᠵᠤ ᠪᠤᠢ ᠡᠷᠳᠡᠮᠲᠡᠨ ᠰᠤᠳᠤᠯᠤᠭᠠᠴᠢᠳ ᠮᠠᠨᠢ ᠥᠪᠡᠷ ᠥᠪᠡᠷ ᠦᠨ ᠰᠤᠳᠤᠯᠭ᠎ᠠ ᠰᠢᠨᠵᠢᠯᠡᠭᠡ ᠶᠢ ᠳᠡᠭᠡᠷᠡᠬᠢ ᠣᠯᠠᠨ ᠴᠢᠭᠯᠡᠯ ᠢ ᠵᠥᠪ ᠬᠥᠭᠵᠢᠭᠦᠯᠬᠦ ᠦᠨᠳᠦᠰᠦᠨ ᠰᠤᠳᠤᠯᠭ᠎ᠠ ᠶᠢ ᠨᠥᠷᠢ ᠶᠡᠬᠡ ᠬᠥᠳᠡᠯᠮᠦᠷᠢ ᠪᠡᠷ ᠢᠶᠡᠨ ᠬᠢᠭᠰᠡᠨ᠃ ᠴᠢᠨᠠᠭᠰᠢᠳᠠ ᠴᠤ ᠲᠠ ᠪᠦᠬᠦᠨ ᠦ ᠡᠷᠳᠡᠮ ᠰᠤᠳᠤᠯᠤᠯ ᠤᠨ ᠦᠷ᠎ᠡ ᠦᠭᠭᠦᠭᠡᠵᠢ ᠮᠣᠩᠭᠣᠯ ᠤᠯᠤᠰ ᠤᠨ ᠬᠥᠭᠵᠢᠯ ᠳᠡᠪᠰᠢᠯ ᠳᠦ ᠠᠰᠤᠷᠤ ᠴᠢᠬᠤᠯᠠ ᠶᠤᠮ᠃
ᠬᠠᠷᠢᠨ ᠲᠥᠷᠥ ᠵᠠᠰᠠᠭ ᠠᠯᠢᠪᠠ ᠠᠵᠢᠯ ᠢᠶᠠᠨ ᠡᠷᠳᠡᠮ ᠰᠤᠳᠤᠯᠭᠠᠨ ᠤ ᠵᠥᠪ ᠦᠷ᠎ᠡ ᠳ᠋ᠦᠩ ᠳᠦ ᠲᠤᠯᠭᠠᠭᠤᠷᠢᠯᠠᠨ᠂ ᠡᠷᠳᠡᠮᠲᠡᠨ ᠰᠤᠳᠤᠯᠤᠭᠠᠴᠢᠳ ᠢᠶᠠᠨ ᠥᠷᠭᠡᠨ ᠢᠶᠡᠷ ᠠᠰᠢᠭᠯᠠᠵᠤ ᠴᠢᠳᠠᠳᠠᠭ ᠪᠠᠶᠢᠬᠤ ᠬᠡᠷᠡᠭᠲᠡᠢ ᠭᠡᠯ᠎ᠡ᠃

ᠰᠡᠳᠬᠢᠭᠳᠡᠯ ᠦᠯᠡᠳᠡᠭᠡᠬᠦ