ᠠᠮᠧᠷᠢᠺᠠ ᠶᠢᠨ ᠬᠤᠳᠠᠯᠳᠤᠭᠠᠨ ᠤ ᠲᠠᠩᠬᠢᠮ ᠤᠨ ᠬᠢᠨ ᠢ ᠬᠦᠯᠢᠶᠡᠨ ᠠᠪᠴᠤ ᠠᠭᠤᠯᠵᠠᠯ᠎ᠠ | News.MN

ᠠᠮᠧᠷᠢᠺᠠ ᠶᠢᠨ ᠬᠤᠳᠠᠯᠳᠤᠭᠠᠨ ᠤ ᠲᠠᠩᠬᠢᠮ ᠤᠨ ᠬᠢᠨ ᠢ ᠬᠦᠯᠢᠶᠡᠨ ᠠᠪᠴᠤ ᠠᠭᠤᠯᠵᠠᠯ᠎ᠠ

ᠮᠣᠩᠭᠣᠯ ᠤᠯᠤᠰ ᠤᠨ ᠶᠡᠷᠦᠩᠬᠡᠶᠢᠯᠡᠭᠴᠢ ᠬ∙ᠪᠠᠲᠤᠲᠤᠯᠭ᠎ᠠ ᠥᠨᠥᠳᠥᠷ ᠮᠣᠩᠭᠣᠯ ᠳ᠋ᠡᠬᠢ ᠠᠮᠧᠷᠢᠺᠠ ᠶᠢᠨ ᠬᠤᠳᠠᠯᠳᠤᠭᠠᠨ ᠤ ᠲᠠᠩᠬᠢᠮ ᠤᠨ ᠤᠳᠤᠷᠢᠳᠬᠤ ᠵᠥᠪᠯᠡᠯ ᠦᠨ ᠳᠠᠷᠤᠭ᠎ᠠ ᠣᠢᠪᠧᠺ  ᠬᠠᠯᠢᠯᠤᠪ᠂ ᠲᠤᠰ ᠲᠠᠩᠬᠢᠮ ᠤᠨ ᠭᠦᠢᠴᠡᠳᠭᠡᠬᠦ ᠵᠠᠬᠢᠷᠤᠯ ᠣ᠊∙ᠠᠳ᠋ᠢᠶ᠎ᠠ᠂ ᠲᠠᠩᠬᠢᠮ ᠤᠨ ᠭᠡᠰᠢᠭᠦᠨ ᠵᠠᠺᠰᠣᠨ ᠺᠣᠺᠰ ᠨᠠᠷ ᠢ ᠬᠦᠯᠢᠶᠡᠨ ᠠᠪᠴᠤ ᠠᠭᠤᠯᠵᠠᠯ᠎ᠠ ᠃ ᠮᠣᠩᠭᠣᠯ ᠳ᠋ᠡᠬᠢ ᠠᠮᠧᠷᠢᠺᠠ ᠶᠢᠨ ᠬᠤᠳᠠᠯᠳᠤᠭᠠᠨ ᠤ ᠲᠠᠩᠬᠢᠮ ᠤᠨ ᠲᠥᠯᠥᠭᠡᠯᠡᠭᠴᠢᠳ ᠮᠣᠩᠭᠣᠯ ᠤᠯᠤᠰ ᠤᠨ ᠶᠡᠷᠦᠩᠬᠡᠶᠢᠯᠡᠭᠴᠢ ᠳᠦ ᠬᠠᠨᠳᠤᠨ ᠴᠠᠭ ᠵᠠᠪ ᠭᠠᠷᠭᠠᠨ ᠬᠦᠯᠢᠶᠡᠨ ᠠᠪᠴᠤ ᠠᠭᠤᠯᠵᠠᠭᠰᠠᠨ ᠳᠤ ᠲᠠᠯᠠᠷᠬᠠᠯ ᠢᠯᠡᠷᠬᠡᠶᠢᠯᠡᠭᠡᠳ ᠮᠣᠩᠭᠣᠯ ᠤᠯᠤᠰ ᠤᠨ ᠡᠳ᠋ ᠍ ᠦᠨ ᠵᠠᠰᠠᠭ ᠢ ᠲᠥᠷᠦᠯᠵᠢᠭᠦᠯᠬᠦ᠂ ᠲᠡᠷᠡ ᠳᠤᠮᠳᠠ ᠪᠠᠨ ᠦᠷᠢᠰᠦᠯᠳᠦᠬᠦ ᠪᠣᠯᠤᠮᠵᠢ ᠲᠠᠢ ᠳᠤ ᠲᠣᠭᠠᠴᠠᠭᠳᠠᠵᠤ ᠪᠠᠶᠢᠭ᠎ᠠ ᠮᠣᠩᠭᠣᠯ ᠤᠨ ᠬᠥᠳᠡᠭᠡ ᠠᠵᠤ ᠠᠬᠤᠢ ᠶᠢᠨ ᠰᠠᠯᠪᠤᠷᠢ ᠳᠤ ᠠᠩᠬᠠᠷᠤᠯ ᠬᠠᠨᠳᠤᠭᠤᠯᠤᠨ ᠠᠵᠢᠯᠯᠠᠵᠤ ᠪᠠᠶᠢᠭ᠎ᠠ ᠭᠡᠳᠡᠭ ᠢᠶᠡᠨ ᠬᠡᠯᠡᠭᠰᠡᠨ ᠶᠤᠮ᠃
ᠮᠥᠨ ᠠᠮᠧᠷᠢᠺᠠ ᠶᠢᠨ ᠺᠤᠩᠷᠸᠰᠰ ᠲᠤ ᠤᠯᠤᠰ ᠬᠣᠭᠣᠷᠣᠨᠳᠣ ᠶᠢᠨ ᠬᠤᠳᠠᠯᠳᠤᠭ᠎ᠠ ᠲᠠᠢ ᠬᠣᠯᠪᠣᠭ᠎ᠠ ᠲᠠᠢ ᠬᠠᠤᠯᠢ ᠶᠢᠨ ᠲᠥᠰᠥᠯ ᠢ ᠬᠡᠯᠡᠯᠴᠡᠬᠦ ᠬᠦᠷᠲᠡᠯ᠎ᠡ ᠮᠠᠰᠢ ᠨᠠᠷᠢᠨ ᠲᠥᠪᠡᠭᠲᠡᠢ ᠦᠢᠯᠡ ᠶᠠᠪᠤᠴᠠ ᠥᠷᠨᠢᠳᠡᠭ ᠪᠠᠶᠢᠨ᠎ᠠ᠃ ᠭᠡᠰᠡᠨ ᠴᠤ ᠮᠣᠩᠭᠣᠯ ᠤᠯᠤᠰ ᠤᠨ ᠶᠡᠷᠦᠩᠬᠡᠶᠢᠯᠡᠭᠴᠢ᠂ ᠮᠣᠩᠭᠣᠯ ᠤᠯᠤᠰ ᠤᠨ ᠶᠡᠷᠦᠩᠬᠡᠶᠢᠯᠡᠭᠴᠢ ᠶᠢᠨ ᠲᠠᠮᠠᠭ᠎ᠠ ᠶᠢᠨ ᠭᠠᠵᠠᠷ ᠠᠴᠠ ᠭᠤᠷᠪᠠᠳᠠᠭᠴᠢ ᠬᠥᠷᠰᠢ ᠶᠢᠨ ᠬᠤᠳᠠᠯᠳᠤᠭᠠᠨ ᠤ ᠲᠤᠬᠠᠢ ᠬᠠᠤᠯᠢ ᠶᠢ ᠠᠮᠧᠷᠢᠺᠠ ᠶᠢᠨ ᠨᠢᠭᠡᠳᠦᠭᠰᠡᠨ ᠤᠯᠤᠰ ᠤᠨ ᠺᠤᠩᠷᠸᠰᠰ ᠬᠡᠯᠡᠯᠴᠡᠬᠦ ᠬᠦᠷᠲᠡᠯ᠎ᠡ ᠨᠢ ᠳᠡᠮᠵᠢᠭᠰᠡᠨ ᠶᠠᠪᠤᠳᠠᠯ ᠳᠤ ᠲᠠᠯᠠᠷᠬᠠᠯ ᠢᠯᠡᠷᠬᠡᠶᠢᠯᠡᠭᠡᠳ᠂ ᠮᠣᠩᠭᠣᠯ  ᠳ᠋ᠡᠬᠢ ᠠᠮᠧᠷᠢᠺᠠ ᠶᠢᠨ ᠬᠤᠳᠠᠯᠳᠤᠭᠠᠨ ᠤ ᠲᠠᠩᠬᠢᠮ ᠳᠡᠭᠡᠷᠡᠬᠢ ᠬᠠᠤᠯᠢ ᠶᠢᠨ ᠲᠥᠰᠥᠯ ᠢ ᠪᠦᠬᠦᠢ ᠯᠠ ᠲᠦᠪᠰᠢᠨ ᠳᠦ ᠳᠡᠮᠵᠢᠵᠦ ᠪᠠᠶᠢᠭ᠎ᠠ ᠭᠡᠳᠡᠭ ᠢᠶᠡᠨ ᠢᠯᠡᠷᠬᠡᠶᠢᠯᠡᠭᠰᠡᠨ ᠶᠤᠮ᠃ ᠮᠥᠨ ᠬᠠᠤᠯᠢ ᠶᠢᠨ ᠲᠥᠰᠥᠯ ᠪᠠᠲᠤᠯᠠᠭᠳᠠᠪᠠᠯ ᠮᠣᠩᠭᠣᠯ ᠤᠨ ᠬᠥᠳᠡᠭᠡ ᠠᠵᠤ ᠠᠬᠤᠢ ᠶᠢᠨ ᠰᠠᠯᠪᠤᠷᠢ ᠶᠢᠨ ᠥᠰᠦᠯᠲᠡ ᠳᠦ ᠡᠶᠡᠷᠭᠦ ᠪᠡᠷ ᠨᠥᠯᠦᠭᠡᠯᠡᠵᠦ᠂ ᠨᠣᠣᠰᠣ  ᠨᠤᠯᠤᠤᠷ ᠤᠨ ᠰᠠᠯᠪᠤᠷᠢ᠂ ᠡᠮᠡᠭᠲᠡᠶᠢᠴᠦᠳ ᠦᠨ ᠣᠷᠣᠯᠭ᠎ᠠ ᠪᠣᠳᠠᠲᠤ ᠪᠠᠷ ᠨᠡᠮᠡᠭᠳᠡᠬᠦ ᠬᠦᠯᠢᠶᠡᠯᠲᠡ ᠪᠠᠶᠢᠭ᠎ᠠ ᠭᠡᠰᠡᠨ ᠶᠤᠮ᠃

ᠰᠡᠳᠬᠢᠭᠳᠡᠯ ᠦᠯᠡᠳᠡᠭᠡᠬᠦ