︽ᠡᠷᠳᠡᠨᠢᠲᠦ︾ ᠦᠢᠯᠡᠳᠪᠦᠷᠢ ᠶᠢᠨ 49 ᠬᠤᠪᠢ ᠶᠢ 400 ᠭᠠᠷᠤᠢ ᠰᠠᠶ᠎ᠠ ᠳ᠋ᠣᠯᠯᠠᠷ ᠢᠶᠠᠷ ᠬᠤᠳᠠᠯᠳᠤᠭᠰᠠᠨ ᠪᠠᠷᠢᠮᠲᠠ ᠮᠠᠲ᠋ᠧᠷᠢᠶᠠᠯ ᠢ ᠦᠨᠳᠦᠰᠦᠨ ᠦ ᠠᠶᠤᠯ ᠦᠭᠡᠢ ᠪᠠᠶᠢᠳᠠᠯ ᠤᠨ ᠵᠥᠪᠯᠡᠯ ᠳᠦ ᠲᠠᠨᠢᠯᠴᠠᠭᠤᠯᠬᠤ ᠪᠠᠷ ᠪᠣᠯᠵᠠᠢ᠃ ᠡᠨᠡ ᠳᠠᠭᠠᠤ ᠦᠨᠳᠦᠰᠦᠨ ᠦ ᠠᠶᠤᠯ ᠦᠭᠡᠢ ᠪᠠᠶᠢᠳᠠᠯ ᠤᠨ ᠵᠥᠪᠯᠡᠯ ᠶᠠᠭ ᠣᠳᠣ ᠬᠤᠷᠠᠯᠳᠤᠬᠤ ᠭᠡᠵᠦ ᠪᠠᠶᠢᠨ᠎ᠠ᠃
ᠵᠠᠰᠠᠭ ᠤᠨ ᠭᠠᠵᠠᠷ ᠤᠨ ᠬᠡᠷᠡᠭ ᠡᠷᠬᠢᠯᠡᠬᠦ ᠭᠠᠵᠠᠷ ᠤᠨ ᠳᠠᠷᠤᠭ᠎ᠠ ᠯ∙ᠣᠶᠤᠨ-ᠡᠷᠳᠡᠨᠢ᠄ ︽ᠡᠷᠳᠡᠨᠢᠲᠦ ᠦᠢᠯᠡᠳᠪᠦᠷᠢ︾ ᠶᠢᠨ 49 ᠬᠤᠪᠢ ᠶᠢ 400 ᠭᠠᠷᠤᠢ ᠰᠠᠶ᠎ᠠ ᠳ᠋ᠣᠯᠯᠠᠷ ᠢᠶᠠᠷ ᠬᠤᠳᠠᠯᠳᠤᠨ ᠠᠪᠬᠤ ᠳᠤ ᠪᠠᠨ ᠬᠤᠳᠠᠯᠳᠤᠭ᠎ᠠ ᠬᠥᠭᠵᠢᠯ ᠦᠨ ᠪᠠᠩᠬᠢ ᠰᠠᠩ ᠤᠨ ᠶᠠᠮᠤᠨ ᠠᠴᠠ ᠸᠧᠺᠰᠧᠯ ᠪᠢᠴᠢᠵᠦ ᠠᠪᠤᠭᠰᠠᠨ ᠠᠴᠠ ᠭᠠᠳᠠᠨ᠎ᠠ ᠮᠣᠩᠭᠣᠯ ᠪᠠᠩᠭᠢ ᠪᠠᠷ ᠦᠷᠢ ᠶᠢᠨ ᠪᠢᠴᠢᠭ ᠬᠢᠯᠭᠡᠵᠦ ᠠᠪᠤᠭᠰᠠᠨ᠃ ᠮᠥᠨ ᠬᠥᠭᠵᠢᠯ ᠦᠨ ᠪᠠᠩᠭᠢ ᠠᠴᠠ ᠵᠢᠭᠡᠯᠡ ᠠᠪᠤᠭᠰᠠᠨ᠃ ᠬᠤᠳᠠᠯᠳᠤᠭ᠎ᠠ ᠬᠥᠭᠵᠢᠯ ᠦᠨ ᠪᠠᠩᠬᠢ ᠥᠪᠡᠷ ᠢᠶᠡᠨ ᠭᠤᠷᠪᠠᠨ ᠺᠣᠮᠫᠠᠨᠢ ᠳᠤ ᠵᠢᠭᠡᠯᠡ ᠥᠭᠭᠦᠭᠡᠳ ᠲᠤᠰ ᠪᠦᠷᠢ ᠶᠢ ᠨᠢ ᠮᠣᠩᠭᠣᠯ ᠤᠨ ᠵᠡᠰ ᠺᠤᠷᠫᠤᠷᠠᠼ ᠤᠷᠤᠭᠤ ᠰᠢᠯᠵᠢᠭᠦᠯᠵᠦ ᠰᠠᠩᠬᠦᠦᠵᠢᠯᠲᠠ ᠶᠢᠨ ᠠᠰᠠᠭᠤᠳᠠᠯ ᠢᠶᠠᠨ ᠰᠢᠢᠳᠦᠭᠰᠡᠨ ᠪᠠᠶᠢᠨ᠎ᠠ᠃ ᠬᠤᠳᠠᠯᠳᠤᠭ᠎ᠠ ᠬᠥᠭᠵᠢᠯ ᠦᠨ ᠪᠠᠩᠭᠢ ᠠᠴᠠ ᠡᠨᠡ ᠵᠢᠭᠡᠯᠡ ᠨᠦᠭᠦᠳ ᠭᠤᠷᠪᠠᠨ ᠺᠣᠮᠫᠠᠨᠢ ᠤᠷᠤᠭᠤ ᠰᠢᠯᠵᠢᠭᠰᠡᠨ ᠤ ᠳᠠᠷᠠᠭ᠎ᠠ ᠮᠣᠩᠭᠣᠯ ᠪᠠᠩᠭᠢ 160 ᠲᠡᠷᠪᠤᠮ ᠲᠥᠭᠥᠷᠢᠭ ᠢ 20 ᠭᠠᠷᠤᠢ ᠬᠣᠨᠣᠭ ᠤᠨ ᠳᠠᠷᠠᠭ᠎ᠠ ᠰᠢᠯᠵᠢᠭᠦᠯᠬᠦ ᠵᠠᠮ ᠢᠶᠠᠷ ᠬᠢᠭᠰᠡᠨ ᠭᠡᠰᠡᠨ ᠪᠢᠯᠡ᠃