ᠬ∙ ᠪᠠᠲᠤᠲᠤᠯᠭ᠎ᠠ ᠰᠢᠭᠦᠭᠴᠢ᠂ ᠶᠡᠷᠦᠩᠬᠡᠢ ᠰᠢᠭᠦᠭᠴᠢ ᠨᠠᠷ ᠲᠤ ᠵᠠᠷᠯᠢᠭ ᠭᠠᠷᠳᠠᠭᠤᠯᠤᠯ᠎ᠠ | News.MN

ᠬ∙ ᠪᠠᠲᠤᠲᠤᠯᠭ᠎ᠠ ᠰᠢᠭᠦᠭᠴᠢ᠂ ᠶᠡᠷᠦᠩᠬᠡᠢ ᠰᠢᠭᠦᠭᠴᠢ ᠨᠠᠷ ᠲᠤ ᠵᠠᠷᠯᠢᠭ ᠭᠠᠷᠳᠠᠭᠤᠯᠤᠯ᠎ᠠ

ᠮᠣᠩᠭᠣᠯ ᠤᠯᠤᠰ ᠤᠨ ᠶᠡᠷᠦᠩᠬᠡᠶᠢᠯᠡᠭᠴᠢ ᠬ∙ᠪᠠᠲᠤᠲᠤᠯᠭ᠎ᠠ ᠥᠨᠥᠳᠥᠷ ᠲᠥᠷᠥ ᠶᠢᠨ ᠣᠷᠳᠣᠨ ᠤ ᠶᠢᠰᠦᠨ  ᠬᠦᠬᠦᠯᠲᠤ ᠴᠠᠭᠠᠨ ᠲᠤᠭᠲᠤ ᠲᠠᠩᠬᠢᠮ ᠳᠤ ᠰᠢᠨ᠎ᠡ ᠪᠡᠷ ᠲᠣᠮᠢᠯᠠᠭᠳᠠᠭᠰᠠᠨ ᠰᠢᠭᠦᠭᠴᠢ᠂ ᠶᠡᠷᠦᠩᠬᠡᠢ ᠰᠢᠭᠦᠭᠴᠢ ᠨᠠᠷ ᠲᠤ ᠵᠠᠷᠯᠢᠭ ᠭᠠᠷᠳᠠᠭᠤᠯᠤᠯ᠎ᠠ᠃ ᠮᠣᠩᠭᠣᠯ ᠤᠯᠤᠰ ᠤᠨ ᠶᠡᠷᠦᠩᠬᠡᠶᠢᠯᠡᠭᠴᠢ ᠶᠢᠨ ᠵᠠᠷᠯᠢᠭ ᠢᠶᠠᠷ 11 ᠰᠢᠭᠦᠭᠴᠢ ᠶᠢ ᠠᠶᠢᠮᠠᠭ᠂ ᠨᠡᠶᠢᠰᠯᠡᠯ᠂ ᠳᠡᠭᠦᠷᠭᠡ ᠶᠢᠨ ᠰᠢᠭᠦᠭᠴᠢ ᠪᠡᠷ ᠲᠣᠮᠢᠯᠠᠭᠰᠠᠨ ᠶᠤᠮ᠃ ᠮᠥᠨ ᠳᠠᠪᠠᠵᠤ ᠵᠠᠭᠠᠯᠳᠤᠬᠤ ᠱᠠᠲᠤᠨ ᠤ ᠰᠢᠭᠦᠬᠦ ᠶᠢᠨ ᠶᠡᠷᠦᠩᠬᠡᠢ ᠰᠢᠭᠦᠭᠴᠢ ᠪᠠᠷ ᠨᠢᠭᠡ᠂ ᠵᠠᠬᠢᠷᠭᠠᠨ ᠤ ᠬᠡᠷᠡᠭ ᠦᠨ ᠠᠩᠬᠠᠨ ᠱᠠᠲᠤᠨ ᠤ ᠰᠢᠭᠦᠬᠦ ᠶᠢᠨ ᠶᠡᠷᠦᠩᠬᠡᠢ ᠰᠢᠭᠦᠭᠴᠢ

ᠪᠠᠷ 10᠂ ᠢᠷᠭᠡᠨ ᠦ ᠬᠡᠷᠡᠭ ᠦᠨ ᠠᠩᠬᠠᠨ ᠱᠠᠲᠤᠨ ᠤ ᠰᠢᠭᠦᠬᠦ ᠶᠢᠨ ᠶᠡᠷᠦᠩᠬᠡᠢ ᠰᠢᠭᠦᠭᠴᠢ ᠪᠠᠷ 8᠂ ᠡᠷᠡᠭᠦᠦ ᠶᠢᠨ ᠬᠡᠷᠡᠭ ᠦᠨ ᠠᠩᠬᠠᠨ ᠱᠠᠲᠤᠨ ᠤ ᠰᠢᠭᠦᠬᠦ ᠶᠢᠨ ᠶᠡᠷᠦᠩᠬᠡᠢ ᠰᠢᠭᠦᠭᠴᠢ ᠪᠠᠷ 7᠂ ᠰᠤᠮᠤ ᠳᠤᠮᠳᠠ ᠶᠢᠨ ᠰᠢᠭᠦᠬᠦ ᠶᠢᠨ ᠶᠡᠷᠦᠩᠬᠡᠢ ᠰᠢᠭᠦᠭᠴᠢ ᠪᠠᠷ 3 ᠬᠦᠮᠦᠨ ᠢ ᠲᠣᠮᠢᠯᠠᠭᠰᠠᠨ ᠶᠤᠮ᠃
ᠵᠠᠷᠯᠢᠭ ᠭᠠᠷᠳᠠᠭᠤᠯᠬᠤ ᠦᠶ᠎ᠡ ᠪᠡᠷ ᠶᠡᠷᠦᠩᠬᠡᠶᠢᠯᠡᠭᠴᠢ ᠬ∙ᠪᠠᠲᠤᠲᠤᠯᠭ᠎ᠠ᠄ ᠲᠥᠷᠥ ᠡᠴᠡ ᠰᠢᠭᠦᠬᠦ ᠶᠢᠨ ᠪᠠᠶᠢᠭᠤᠯᠤᠯᠭ᠎ᠠ ᠶᠢᠨ ᠲᠥᠰᠥᠪ ᠦᠨ ᠪᠡᠶ᠎ᠡ ᠳᠠᠭᠠᠭᠠᠭᠰᠠᠨ ᠪᠠᠶᠢᠳᠠᠯ ᠢ ᠪᠡᠬᠢᠵᠢᠭᠦᠯᠬᠦ ᠳᠦ ᠶᠡᠬᠡᠳᠡ ᠠᠩᠬᠠᠷᠴᠤ᠂ ᠪᠣᠳᠣᠯᠭ᠎ᠠ ᠬᠡᠷᠡᠭᠵᠢᠭᠦᠯᠦᠭᠰᠡᠨ ᠦ ᠳ᠋ᠦᠩ ᠳᠦ ᠮᠣᠩᠭᠣᠯ ᠤᠯᠤᠰ ᠤᠨ ᠲᠥᠷᠥ ᠶᠢᠨ ᠠᠯᠪᠠᠨ ᠬᠠᠭᠠᠭᠴᠢᠳ ᠠᠴᠠ ᠬᠠᠮᠤᠭ ᠤᠨ ᠥᠨᠳᠥᠷ ᠴᠠᠯᠢᠩ ᠲᠠᠢ ᠨᠢ ᠰᠢᠭᠦᠭᠴᠢᠳ ᠪᠣᠯᠤᠭᠰᠠᠨ᠃ ᠭᠡᠰᠡᠨ ᠴᠤ ᠰᠢᠭᠦᠬᠦ ᠳᠦ ᠢᠲᠡᠭᠡᠬᠦ ᠢᠷᠭᠡᠳ ᠦᠨ ᠢᠲᠡᠭᠡᠯ ᠪᠠᠭᠤᠷᠠᠵᠤ᠂ ᠰᠢᠭᠦᠭᠴᠢ᠂ ᠰᠢᠭᠦᠬᠦ ᠶᠢᠨ ᠪᠠᠶᠢᠭᠤᠯᠤᠯᠭ᠎ᠠ ᠶᠢᠨ ᠨᠡᠷ᠎ᠡ ᠬᠦᠨᠳᠦ ᠦᠯᠡᠮᠵᠢ ᠬᠡᠮᠵᠢᠶ᠎ᠡ ᠪᠡᠷ ᠤᠨᠠᠵᠤ ᠪᠠᠶᠢᠨ᠎ᠠ᠃ ᠨᠡᠶᠢᠲᠡ ᠰᠢᠭᠦᠭᠴᠢᠳ ᠦᠨ ᠳᠣᠲᠣᠷ᠎ᠠ ᠬᠥᠷᠥᠩᠭᠡ ᠣᠷᠣᠯᠭ᠎ᠠ ᠶᠢᠨ ᠮᠡᠳᠡᠭᠦᠯᠭᠡ ᠳᠦ ᠪᠡᠨ ᠪᠢᠴᠢᠭᠰᠡᠨ ᠣᠯᠠᠨ ᠵᠠᠭᠤᠨ ᠰᠠᠶ᠎ᠠ ᠶᠢᠨ ᠬᠠᠳᠠᠭᠠᠯᠠᠮᠵᠢ᠂ ᠦᠨᠡᠲᠡᠢ ᠣᠷᠣᠨ ᠰᠠᠭᠤᠴᠠ᠂ ᠮᠠᠰᠢᠨ ᠢᠶᠠᠨ ᠬᠤᠳᠠᠯᠳᠤᠨ ᠠᠪᠤᠭᠰᠠᠨ ᠡᠬᠢ ᠡᠭᠦᠰᠪᠦᠷᠢ ᠪᠡᠨ ᠲᠠᠶᠢᠯᠪᠤᠷᠢᠯᠠᠵᠤ ᠴᠢᠳᠠᠬᠤ ᠦᠭᠡᠢ ᠰᠢᠭᠦᠭᠴᠢᠳ ᠴᠤ ᠪᠠᠰᠠ ᠪᠠᠶᠢᠨ᠎ᠠ᠃

ᠠᠷᠠᠳᠴᠢᠯᠠᠭᠰᠠᠨ ᠵᠠᠰᠠᠭᠯᠠᠯ ᠤᠨ ᠲᠤᠯᠭᠠᠭᠤᠷᠢ ᠭᠤᠷᠪᠠᠨ ᠪᠠᠭᠠᠨ᠎ᠠ ᠶᠢᠨ ᠨᠢᠭᠡ ᠰᠢᠭᠦᠬᠦ ᠵᠠᠰᠠᠭᠯᠠᠯ᠂ ᠵᠥᠪ᠂ ᠰᠢᠳᠤᠷᠭᠤ᠂ ᠨᠡᠭᠡᠭᠡᠯᠲᠡ ᠲᠡᠢ᠂ ᠢᠯᠡ ᠲᠣᠳᠣ ᠪᠠᠶᠢᠪᠠᠯ ᠮᠣᠩᠭᠣᠯ ᠤᠨ ᠲᠥᠷᠥ ᠴᠡᠪᠡᠷ ᠪᠠᠶᠢᠬᠤ ᠤᠴᠢᠷᠲᠠᠢ᠃ ᠲᠠ ᠪᠦᠬᠦᠨ ᠳᠦ ᠰᠢᠭᠦᠭᠴᠢ ᠶᠢᠨ ᠶᠣᠰᠣ ᠵᠦᠢ᠂ ᠬᠡᠮ ᠬᠡᠮᠵᠢᠶ᠎ᠡ ᠶᠢ ᠴᠢᠩᠳᠠ ᠮᠥᠷᠳᠡᠨ᠂ ᠠᠪᠯᠢᠭ᠎ᠠ᠂ ᠤᠯᠤᠰ ᠲᠥᠷᠦᠵᠢᠯᠲᠡ᠂ ᠠᠯᠪᠠᠨ ᠲᠤᠰᠢᠶᠠᠯᠲᠠᠨ ᠤ ᠨᠥᠯᠥᠭᠡᠯᠡᠯ ᠡᠴᠡ ᠠᠩᠭᠢᠳᠠ ᠪᠠᠶᠢᠵᠤ᠂ ᠬᠠᠷᠠᠭᠠᠲᠤ ᠪᠤᠰᠤ᠂ ᠪᠡᠶ᠎ᠡ  ᠳᠠᠭᠠᠭᠠᠭᠰᠠᠨ ᠪᠠᠶᠢᠳᠠᠯ ᠢ ᠰᠠᠬᠢᠵᠤ᠂ ᠲᠦᠮᠡᠨ ᠦ ᠢᠲᠡᠭᠡᠯ ᠢ ᠳᠠᠭᠠᠭᠠᠵᠤ᠂ ᠰᠢᠭᠦᠭᠴᠢ ᠶᠢᠨ ᠨᠡᠷ᠎ᠡ ᠬᠦᠨᠳᠦ ᠶᠢ ᠥᠨᠳᠥᠷ ᠲᠦ ᠡᠷᠭᠦᠵᠦ ᠶᠠᠪᠤᠬᠤ ᠡᠭᠦᠷᠭᠡ ᠬᠠᠷᠢᠭᠤᠴᠠᠯᠭ᠎ᠠ ᠨᠣᠭᠳᠠᠵᠤ ᠪᠠᠶᠢᠨ᠎ᠠ ᠭᠡᠯ᠎ᠡ᠃

ᠰᠡᠳᠬᠢᠭᠳᠡᠯ ᠦᠯᠡᠳᠡᠭᠡᠬᠦ