ᠺᠤᠸᠠᠶᠢᠲ ᠤᠯᠤᠰ ᠲᠤᠰᠠᠭᠠᠷ ᠲᠣᠭᠲᠠᠨᠢᠭᠰᠠᠨ ᠤ 58 ᠵᠢᠯ ᠦᠨ ᠣᠢ ᠶᠢ ᠲᠡᠮᠳᠡᠭᠯᠡᠪᠡ | News.MN

ᠺᠤᠸᠠᠶᠢᠲ ᠤᠯᠤᠰ ᠲᠤᠰᠠᠭᠠᠷ ᠲᠣᠭᠲᠠᠨᠢᠭᠰᠠᠨ ᠤ 58 ᠵᠢᠯ ᠦᠨ ᠣᠢ ᠶᠢ ᠲᠡᠮᠳᠡᠭᠯᠡᠪᠡ

ᠺᠤᠸᠠᠶᠢᠲ ᠤᠯᠤᠰ ᠲᠤᠰᠠᠭᠠᠷ ᠲᠣᠭᠲᠠᠨᠢᠭᠰᠠᠨ ᠤ 58 ᠵᠢᠯ᠂ ᠴᠢᠯᠦᠭᠡᠯᠡᠭᠳᠡᠭᠰᠡᠨ ᠦ 28 ᠵᠢᠯ ᠦᠨ ᠣᠢ ᠶᠢᠨ ᠪᠠᠶᠠᠷ ᠢ ᠮᠣᠩᠭᠣᠯ ᠤᠯᠤᠰ ᠲᠤ ᠰᠠᠭᠤᠭ᠎ᠠ ᠡᠯᠴᠢᠨ ᠰᠠᠶᠢᠳ ᠤᠨ ᠶᠠᠮᠤᠨ ᠠᠴᠠ ᠥᠴᠥᠭᠡᠳᠦᠷ ᠦᠳᠡᠰᠢ ᠤᠯᠠᠭᠠᠨᠪᠠᠭᠠᠲᠤᠷ  ᠬᠤᠲᠠ ᠶᠢᠨ  ᠱᠠᠩᠷᠢᠯᠠ ᠵᠣᠴᠢᠳ ᠪᠠᠭᠤᠳᠠᠯ ᠳᠤ ᠶᠣᠰᠣᠯᠠᠨ ᠲᠡᠮᠳᠡᠭᠯᠡᠪᠡ᠃ ᠲᠡᠦᠬᠡᠲᠦ ᠣᠢ ᠶᠢᠨ ᠶᠣᠰᠣᠯᠠᠯ ᠳᠤ ᠮᠣᠩᠭᠣᠯ ᠤᠯᠤᠰ ᠤᠨ ᠭᠠᠳᠠᠭᠠᠳᠤ ᠬᠠᠷᠢᠯᠴᠠᠭᠠᠨ ᠤ ᠰᠠᠶᠢᠳ ᠳ ∙ ᠴᠣᠭᠲᠤᠪᠠᠭᠠᠲᠤᠷ᠂  ᠺᠤᠸᠠᠶᠢᠲ ᠤᠯᠤᠰ ᠠᠴᠠ ᠮᠣᠩᠭᠣᠯ ᠤᠯᠤᠰ ᠲᠤ ᠰᠠᠭᠤᠬᠤ ᠣᠨᠴᠠ ᠪᠥᠭᠡᠳ ᠪᠦᠷᠢᠨ ᠡᠷᠬᠡᠲᠦ ᠡᠯᠴᠢᠨ ᠰᠠᠶᠢᠳ  ᠮᠦᠬᠠᠮᠢᠳ᠋  ᠹᠠᠶᠢᠰᠠᠯ ᠠᠯᠢ- ᠮᠤᠲ᠋ᠠᠶᠢᠷᠢ ᠲᠡᠷᠢᠭᠦᠲᠡᠢ ᠬᠣᠶᠠᠷ ᠤᠯᠤᠰ ᠤᠨ ᠠᠯᠪᠠᠨ ᠤ ᠬᠦᠮᠦᠰ᠂ ᠡᠯᠴᠢᠨ ᠰᠠᠶᠢᠳ᠂ ᠣᠯᠠᠨ ᠤᠯᠤᠰ ᠤᠨ ᠪᠠᠶᠢᠭᠤᠯᠤᠯᠭ᠎ᠠ ᠨᠤᠭᠤᠳ᠂ ᠳ᠋ᠢᠫᠯᠣᠮᠠᠲ ᠺᠤᠷᠫᠤᠰ ᠤᠨ ᠲᠥᠯᠥᠭᠡᠯᠡᠭᠴᠢᠳ ᠢᠷᠡᠵᠦ ᠣᠷᠣᠯᠴᠠᠯ᠎ᠠ᠃ ᠮᠣᠩᠭᠣᠯ ᠤᠯᠤᠰ᠂ ᠺᠤᠸᠠᠶᠢᠲ ᠤᠯᠤᠰ ᠤᠨ ᠬᠣᠭᠣᠷᠣᠨᠳᠣ 1975 ᠣᠨ ᠤ ᠵᠢᠷᠭᠤᠳᠤᠭᠠᠷ ᠰᠠᠷ᠎ᠠ ᠶᠢᠨ 17 ᠍ ᠳᠦ ᠳ᠋ᠢᠫᠯᠣᠮᠠᠲ ᠬᠠᠷᠢᠯᠴᠠᠭ᠎ᠠ ᠲᠣᠭᠲᠠᠭᠠᠭᠰᠠᠨ ᠶᠤᠮ᠃ ᠮᠣᠩᠭᠣᠯ ᠤᠯᠤᠰ ᠡᠯᠴᠢᠨ ᠰᠠᠶᠢᠳ ᠤᠨ ᠶᠠᠮᠤᠨ ᠢᠶᠠᠨ2009 ᠣᠨ ᠳᠤ ᠂ ᠺᠤᠸᠠᠶᠢᠲ ᠤᠯᠤᠰ ᠡᠯᠴᠢᠨ ᠰᠠᠶᠢᠳ ᠤᠨ ᠶᠠᠮᠤᠨ  ᠢᠶᠠᠨ ᠤᠯᠠᠭᠠᠨᠪᠠᠭᠠᠲᠤᠷ  ᠲᠤ 2010 ᠣᠨ ᠳᠤ ᠨᠡᠭᠡᠭᠡᠭᠰᠡᠨ ᠪᠠᠶᠢᠨ᠎ᠠ᠃

ᠡᠨᠡᠬᠦ ᠬᠦᠨᠳᠦᠳᠬᠡᠯ ᠦᠨ ᠶᠣᠰᠣᠯᠠᠯ ᠳᠤ ᠣᠷᠣᠯᠴᠠᠭᠰᠠᠨ ᠮᠣᠩᠭᠣᠯ ᠤᠯᠤᠰ ᠤᠨ ᠭᠠᠳᠠᠭᠠᠳᠤ ᠬᠠᠷᠢᠯᠴᠠᠭᠠᠨ ᠤ ᠰᠠᠶᠢᠳ ᠳ ∙ ᠴᠣᠭᠲᠤᠪᠠᠭᠠᠲᠤᠷ᠄ ᠮᠠᠨ ᠤ ᠤᠯᠤᠰ ᠳᠠᠯᠠᠢ ᠶᠢᠨ ᠪᠤᠯᠤᠩ ᠤᠨ ᠬᠠᠮᠲᠤ ᠶᠢᠨ ᠠᠵᠢᠯᠯᠠᠭᠠᠨ ᠤ ᠵᠥᠪᠯᠡᠯ ᠦᠨ ᠣᠷᠣᠨ ᠨᠤᠭᠤᠳ ᠠᠴᠠ ᠬᠠᠮᠤᠭ ᠤᠨ ᠠᠩᠬ᠎ᠠ ᠺᠤᠸᠠᠶᠢᠲ ᠤᠯᠤᠰ ᠲᠠᠢ ᠳ᠋ᠢᠫᠯᠣᠮᠠᠲ ᠬᠠᠷᠢᠯᠴᠠᠭ᠎ᠠ ᠲᠣᠭᠲᠠᠭᠠᠭᠰᠠᠨ ᠪᠥᠭᠡᠳ 2020 ᠣᠨ ᠳᠤ ᠬᠣᠶᠠᠷ ᠤᠯᠤᠰ ᠳ᠋ᠢᠫᠯᠣᠮᠠᠲ ᠬᠠᠷᠢᠯᠴᠠᠭ᠎ᠠ ᠲᠣᠭᠲᠠᠭᠠᠭᠰᠠᠨ ᠤ 45 ᠵᠢᠯ ᠦᠨ ᠣᠢ ᠲᠣᠬᠢᠶᠠᠨ᠎ᠠ᠃ ᠡᠨᠡ ᠬᠦᠷᠢᠶᠡᠨ ᠳᠦ᠂ ᠪᠢᠳᠡ ᠲᠣᠳᠣᠷᠬᠠᠢ ᠠᠵᠢᠯ ᠤᠳ ᠢ ᠡᠷᠲᠡᠨ ᠡᠴᠡ ᠲᠥᠯᠥᠪᠯᠡᠵᠦ ᠡᠬᠢᠯᠡᠭᠡᠳ ᠪᠠᠶᠢᠭ᠎ᠠ᠃ ᠺᠤᠸᠠᠶᠢᠲ ᠤᠯᠤᠰ ᠤᠨ ᠵᠠᠰᠠᠭ ᠤᠨ ᠭᠠᠵᠠᠷ ᠤᠨ 8 ᠰᠠᠶ᠎ᠠ ᠳ᠋ᠣᠯᠯᠠᠷ ᠤᠨ ᠪᠤᠴᠠᠯᠲᠠ ᠦᠭᠡᠢ ᠲᠤᠰᠠᠯᠠᠮᠵᠢ ᠪᠠᠷ  ᠲᠦᠯᠡᠩᠬᠢ  ᠶᠢᠨ ᠲᠥᠪ ᠪᠠᠷᠢᠬᠤ ᠲᠥᠰᠥᠯ ᠠᠮᠵᠢᠯᠲᠠᠲᠠᠢ ᠬᠡᠷᠡᠭᠵᠢᠵᠦ ᠂ ᠪᠠᠷᠢᠯᠭ᠎ᠠ ᠶᠢᠨ ᠠᠵᠢᠯ 60 ᠭᠠᠷᠤᠢ  ᠬᠤᠪᠢ ᠲᠠᠢ ᠪᠠᠶᠢᠭ᠎ᠠ ᠪᠥᠭᠡᠳ 3 ᠳ᠋ᠤᠭᠠᠷ ᠤᠯᠠᠷᠢᠯ ᠳᠤ ᠠᠰᠢᠭᠯᠠᠯᠲᠠ ᠳᠤ ᠤᠷᠤᠬᠤ ᠭᠡᠵᠦ ᠪᠠᠶᠢᠨ᠎ᠠ᠃ ᠡᠨᠡ ᠣᠨ ᠤ ᠳᠥᠷᠪᠡᠳᠦᠭᠡᠷ ᠰᠠᠷ᠎ᠠ ᠳᠤ ᠬᠣᠶᠠᠷ ᠤᠯᠤᠰ ᠤᠨ ᠭᠠᠳᠠᠭᠠᠳᠤ ᠬᠠᠷᠢᠯᠴᠠᠭᠠᠨ ᠤ ᠶᠠᠮᠤᠨ ᠬᠣᠭᠣᠷᠣᠨᠳᠣ ᠶᠢᠨ ᠠᠩᠬᠠᠳᠤᠭᠠᠷ ᠵᠥᠪᠯᠡᠯᠳᠦᠬᠦ ᠠᠭᠤᠯᠵᠠᠯᠲᠠ ᠶᠢ ᠵᠣᠬᠢᠶᠠᠨ ᠪᠠᠶᠢᠭᠤᠯᠬᠤ ᠪᠠᠷ ᠠᠵᠢᠯᠯᠠᠵᠤ ᠪᠠᠶᠢᠭ᠎ᠠ ᠬᠡᠮᠡᠨ ᠣᠨᠴᠠᠯᠠᠯ᠎ᠠ᠃

ᠰᠡᠳᠬᠢᠭᠳᠡᠯ ᠦᠯᠡᠳᠡᠭᠡᠬᠦ