ᠳᠠᠷᠬᠠᠨ-ᠠᠭᠤᠯᠠ ᠠᠶᠢᠮᠠᠭ ︽ᠡᠷᠦᠬᠡ ᠶᠢᠨ ᠦᠢᠯᠡᠳᠪᠦᠷᠢᠯᠡᠯ ᠢ ᠬᠥᠭᠵᠢᠭᠦᠯᠬᠦ᠂ ᠳᠡᠮᠵᠢᠬᠦ︾ ᠵᠣᠷᠢᠯᠲᠠ ᠶᠢᠨ ᠬᠦᠷᠢᠶᠡᠨ ᠳᠦ 2019 ᠣᠨ ᠳᠤ ᠰᠢᠨ᠎ᠡ ᠪᠡᠷ ᠵᠢᠵᠢᠭ ᠳᠤᠮᠳᠠ ᠦᠢᠯᠡᠳᠪᠦᠷᠢᠯᠡᠯ᠂ ᠦᠢᠯᠡᠴᠢᠯᠡᠭᠡ ᠡᠷᠬᠢᠯᠡᠬᠦ ᠢᠷᠭᠡᠨ᠂ ᠠᠵᠤ ᠠᠬᠤᠢ ᠨᠢᠭᠡᠴᠢ᠂ ᠨᠥᠬᠥᠷᠯᠡᠯ᠂ ᠬᠣᠷᠰᠢᠶᠠᠨ ᠠᠴᠠ ᠪᠠᠶᠢᠩᠭᠤ ᠶᠢᠨ ᠠᠵᠢᠯ ᠤᠨ ᠪᠠᠶᠢᠷᠢ ᠪᠤᠢ ᠪᠣᠯᠭᠠᠬᠤ ᠵᠣᠷᠢᠯᠭ᠎ᠠ ᠪᠠᠷ ᠭᠠᠷᠤᠭᠠᠨ ᠤ ᠪᠢᠽᠢᠨᠧᠰ ᠦᠨ ᠰᠢᠨ᠎ᠡ ᠰᠠᠨᠠᠭ᠎ᠠ᠂ ᠢᠨᠨᠣᠸᠠᠼ ᠤᠨ ᠪᠦᠲᠦᠭᠡᠭᠳᠡᠬᠦᠨ ᠦᠢᠯᠡᠳᠪᠦᠷᠢᠯᠡᠯ ᠡᠷᠬᠢᠯᠡᠬᠦ ᠳᠦ ᠨᠢ ᠳᠡᠮᠵᠢᠵᠦ ᠬᠥᠩᠭᠡᠯᠡᠯᠲᠡ ᠲᠡᠢ ᠵᠢᠭᠡᠯᠡ ᠣᠯᠭᠤᠬᠤ ᠪᠠᠷ ᠪᠣᠯᠵᠠᠢ ᠃ ᠵᠢᠭᠡᠯᠡ ᠶᠢᠨ ᠨᠥᠬᠥᠴᠡᠯ ᠦᠨ ᠲᠤᠬᠠᠢ ᠳᠤ ᠢᠷᠭᠡᠨ 10ᠰᠠᠶ᠎ᠠ ᠲᠥᠭᠥᠷᠢᠭ ᠬᠦᠷᠲᠡᠯ᠎ᠡ᠂ ᠬᠠᠤᠯᠢ ᠶᠢᠨ ᠡᠲᠡᠭᠡᠳ 20 ᠰᠠᠶ᠎ᠠ ᠲᠥᠭᠥᠷᠢᠭ ᠬᠦᠷᠲᠡᠯᠡᠬᠢ ᠲᠥᠭᠥᠷᠢᠭ ᠢ ᠵᠢᠯ ᠦᠨ 3 ᠬᠤᠪᠢ ᠶᠢᠨ ᠬᠦᠦ ᠲᠡᠢ 3 ᠵᠢᠯ ᠦᠨ ᠬᠤᠭᠤᠴᠠᠭ᠎ᠠ ᠲᠠᠢ ᠠᠪᠬᠤ ᠪᠣᠯᠤᠮᠵᠢ ᠲᠠᠢ ᠶᠤᠮ᠃ ᠲᠥᠰᠥᠯ ᠦᠨ ᠮᠡᠳᠡᠭᠡᠯᠡᠯ ᠢ ᠢᠷᠭᠡᠳ ᠲᠦ ᠡᠨᠡ ᠰᠠᠷ᠎ᠠ ᠶᠢᠨ 11 ᠳᠦ ᠲᠠᠨᠢᠯᠴᠠᠭᠤᠯᠤᠭᠰᠠᠨ᠃ ᠢᠷᠡᠬᠦ ᠰᠠᠷ᠎ᠠ ᠶᠢᠨ 11 ᠍ ᠦ ᠡᠳᠦᠷ ᠬᠦᠷᠲᠡᠯ᠎ᠡ ᠪᠦᠲᠦᠨ ᠰᠠᠷ᠎ᠠ ᠶᠢᠨ ᠲᠤᠷᠰᠢ ᠲᠥᠰᠥᠯ ᠦᠨ ᠮᠠᠲ᠋ᠧᠷᠢᠶᠠᠯ ᠠᠪᠬᠤ ᠪᠥᠭᠡᠳ ᠥᠨᠥᠳᠥᠷ ᠦᠨ ᠪᠠᠶᠢᠳᠠᠯ ᠢᠶᠠᠷ 154 ᠢᠷᠭᠡᠨ᠂ 46 ᠠᠵᠤ ᠠᠬᠤᠢ ᠶᠢᠨ ᠨᠢᠭᠡᠴᠢ ᠪᠦᠷᠢᠳᠬᠡᠭᠦᠯᠦᠭᠰᠡᠨ ᠪᠠᠶᠢᠨ᠎ᠠ ᠃
ᠡᠭᠦᠨ ᠳᠦ ᠰᠢᠨ᠎ᠡ ᠲᠧᠭᠨᠢᠭ᠂ ᠲᠧᠭᠨᠣᠯᠣᠭᠢ ᠨᠡᠪᠲᠡᠷᠡᠭᠦᠯᠬᠦ ᠴᠢᠭᠯᠡᠯ ᠤᠨ16 ᠢᠷᠭᠡᠨ 10 ᠠᠵᠤ ᠠᠬᠤᠢ ᠶᠢᠨ ᠨᠢᠭᠡᠴᠢ ᠂ ᠬᠦᠨᠡᠰᠦᠨ ᠦ ᠪᠦᠲᠦᠭᠡᠭᠳᠡᠬᠦᠨ ᠦᠢᠯᠡᠳᠪᠦᠷᠢᠯᠡᠯ ᠤᠨ53 ᠢᠷᠭᠡᠨ᠂ 14 ᠠᠵᠤ ᠠᠬᠤᠢ ᠶᠢᠨ ᠨᠢᠭᠡᠴᠢ ᠂ ᠪᠠᠷᠢᠯᠭ᠎ᠠ ᠶᠢᠨ ᠮᠠᠲ᠋ᠧᠷᠢᠶᠠᠯ ᠦᠢᠯᠡᠳᠪᠦᠷᠢᠯᠡᠯ ᠤᠨ17 ᠢᠷᠭᠡᠨ᠂ 4 ᠠᠵᠤ ᠠᠬᠤᠢ ᠶᠢᠨ ᠨᠢᠭᠡᠴᠢ ᠂ ᠢᠮᠫᠣᠷᠲ ᠢ ᠤᠷᠤᠯᠠᠬᠤ ᠪᠦᠲᠦᠭᠡᠭᠳᠡᠬᠦᠨ ᠦᠢᠯᠡᠳᠪᠦᠷᠢᠯᠡᠯ ᠤᠨ24 ᠢᠷᠭᠡᠨ᠂ 1 ᠠᠵᠤ ᠠᠬᠤᠢ ᠶᠢᠨ ᠨᠢᠭᠡᠴᠢ ᠂ ᠭᠡᠷ ᠬᠣᠷᠢᠶᠠᠯᠠᠯ ᠤᠨ ᠠᠯᠤᠰᠯᠠᠭᠳᠠᠭᠰᠠᠨ ᠪᠠᠭ ᠤᠳ ᠲᠤ ᠰᠢᠨ᠎ᠡ ᠪᠡᠷ ᠪᠠᠶᠢᠭᠤᠯᠬᠤ ᠦᠢᠯᠡᠴᠢᠯᠡᠭᠡ ᠳᠤ21 ᠢᠷᠭᠡᠨ᠂ 8 ᠠᠵᠤ ᠠᠬᠤᠢ ᠶᠢᠨ ᠨᠢᠭᠡᠴᠢ᠂ ᠪᠤᠰᠤᠳ ᠴᠢᠭᠡᠯᠡᠯ ᠦᠨ 32 ᠢᠷᠭᠡᠨ᠂ ᠠᠵᠤ ᠠᠬᠤᠢ ᠶᠢᠨ ᠨᠢᠭᠡᠴᠢ ᠪᠠᠲᠤᠯᠠᠭᠳᠠᠭᠰᠠᠨ ᠳᠦᠷᠢᠮ ᠦᠨ ᠳᠠᠭᠠᠤ ᠮᠠᠲ᠋ᠧᠷᠢᠶᠠᠯ ᠢᠶᠠᠨ ᠢᠷᠡᠭᠦᠯᠵᠡᠢ᠃