ᠤᠪᠰᠤ ᠠᠶᠢᠮᠠᠭ ᠤᠨ ᠵᠠᠰᠠᠭ ᠳᠠᠷᠤᠭ᠎ᠠ ᠶᠢᠨ ᠢᠪᠡᠭᠡᠯ ᠳᠣᠣᠷ᠎ᠠ ᠵᠣᠬᠢᠶᠠᠨ ᠪᠠᠶᠢᠭᠤᠯᠤᠭᠳᠠᠵᠤ ᠪᠤᠢ ᠬᠡᠦᠬᠡᠳ ᠦᠨ ᠰᠫᠣᠷᠲ ᠤᠨ 6 ᠍ ᠳᠦᠭᠡᠷ ᠶᠡᠬᠡ ᠨᠠᠭᠠᠳᠤᠮ ᠤᠨ ᠠᠩᠬᠠᠨ ᠱᠠᠲᠤ᠂ ᠠᠶᠢᠮᠠᠭ ᠤᠨ ᠠᠪᠤᠷᠭᠤ ᠰᠢᠯᠭᠠᠷᠠᠭᠤᠯᠬᠤ ︽ᠠᠪᠤᠷᠭᠤ ᠶᠢᠨ ᠭᠠᠷᠤᠭ᠎ᠠ ︾ ᠥᠰᠪᠦᠷᠢ ᠦᠶ᠎ᠡ ᠶᠢᠨ ᠴᠢᠯᠦᠭᠡᠲᠦ ᠪᠥᠬᠡ ᠶᠢᠨ ᠲᠡᠮᠡᠴᠡᠭᠡᠨ ᠡᠨᠡ ᠰᠠᠷ᠎ᠠ ᠶᠢᠨ 25-26 ᠳᠤ ᠠᠶᠢᠮᠠᠭ ᠤᠨ ᠰᠫᠣᠷᠲ ᠤᠨ ᠣᠷᠳᠣᠨ ᠳᠤ ᠪᠣᠯᠵᠤ ᠥᠩᠭᠡᠷᠡᠯ᠎ᠡ᠃ ᠲᠡᠮᠡᠴᠡᠭᠡᠨ ᠳᠦ ᠤᠪᠰᠤ ᠠᠶᠢᠮᠠᠭ ᠤᠨ 15 ᠰᠤᠮᠤ᠂ ᠠᠶᠢᠮᠠᠭ ᠤᠨ ᠲᠥᠪ ᠦᠨ 7 ᠰᠤᠷᠭᠠᠭᠤᠯᠢ ᠶᠢᠨ ᠨᠡᠶᠢᠲᠡ ᠳᠦ ᠪᠡᠨ 23 ᠪᠠᠭ ᠤᠨ 230 ᠭᠠᠷᠤᠢ ᠲᠠᠮᠢᠷᠴᠢᠨ ᠡᠷᠡᠭᠲᠡᠢ ᠶᠢᠨ 10 ᠵᠢᠩ᠂ ᠡᠮᠡᠭᠲᠡᠢ ᠶᠢᠨ 10 ᠵᠢᠩ ᠳᠦ ᠥᠷᠢᠰᠦᠯᠳᠦᠵᠦ ᠰᠢᠯᠢᠳᠡᠭ ᠦᠳ ᠢᠶᠡᠨ ᠲᠣᠳᠣᠷᠠᠭᠤᠯᠤᠭᠰᠠᠨ ᠶᠤᠮ᠃
ᠡᠷᠡᠭᠲᠡᠢ 45 ᠺᠢᠯᠦᠭᠷᠡᠮ ᠦᠨ ᠵᠢᠩ ᠳᠦ 2 ᠳᠦᠭᠡᠷ ᠰᠤᠷᠭᠠᠭᠤᠯᠢ ᠶᠢᠨ ᠶᠠ᠊∙ᠢᠷᠦᠭᠡᠯᠲᠦ᠂ 48 ᠺᠢᠯᠦᠭᠷᠡᠮ ᠤᠨ ᠵᠢᠩ ᠳᠦ ᠮᠥᠨ ᠰᠤᠷᠭᠠᠭᠤᠯᠢ ᠶᠢᠨ ᠭ ∙ ᠪᠠᠯᠳᠣᠷᠵᠢ᠂ 51 ᠺᠢᠯᠦᠭᠷᠡᠮ ᠦᠨ ᠵᠢᠩ ᠳᠦ ᠡᠮᠦᠨᠡᠭᠣᠪᠢ ᠰᠤᠮᠤ ᠶᠢᠨ ᠪ∙ ᠭᠠᠯᠮᠠᠨᠳᠤᠬᠤ᠂ 60 ᠺᠢᠯᠦᠭᠷᠡᠮ ᠦᠨ ᠵᠢᠩ ᠳᠦ 1᠍ ᠳᠦᠭᠡᠷ ᠰᠤᠷᠭᠠᠭᠤᠯᠢ ᠶᠢᠨ ᠱ∙ᠪᠠᠲᠤᠵᠤᠯᠠ᠂ 65 ᠺᠢᠯᠦᠭᠷᠡᠮ ᠦᠨ ᠵᠢᠩ ᠳᠦ ᠨᠠᠷᠠᠨᠪᠤᠯᠠᠭ ᠰᠤᠮᠤ ᠶᠢᠨ ᠪ∙ ᠪᠣᠯᠣᠳᠪᠠᠭᠠᠲᠤᠷ᠂ 70 ᠺᠢᠯᠦᠭᠷᠡᠮ ᠦᠨ ᠵᠢᠩ ᠳᠦ ᠶᠡᠷᠦᠩᠬᠡᠢ ᠪᠣᠯᠪᠠᠰᠤᠷᠠᠯ ᠤᠨ 6᠍ ᠳᠦᠭᠡᠷ ᠰᠤᠷᠭᠠᠭᠤᠯᠢ ᠶᠢᠨ ᠡ᠊∙ ᠭᠠᠩᠪᠣᠯᠣᠳ᠂ 92 ᠺᠢᠯᠦᠭᠷᠡᠮ ᠤᠨ ᠵᠢᠩ ᠳᠦ 2 ᠍ ᠳᠦᠭᠡᠷ ᠰᠤᠷᠭᠠᠭᠤᠯᠢ ᠶᠢᠨ ᠮ∙ᠭᠠᠩᠲᠣᠭᠲᠠᠬᠤ ᠨᠠᠷ ᠠᠪᠤᠷᠭᠤᠯᠠᠵᠤ ᠂ ᠬᠠᠷᠢᠨ ᠡᠮᠡᠭᠲᠡᠢ 40 ᠺᠢᠯᠦᠭᠷᠡᠮ ᠦᠨ ᠵᠢᠩ ᠳᠦ ᠶᠡᠷᠦᠩᠬᠡᠢ ᠪᠣᠯᠪᠠᠰᠤᠷᠠᠯ ᠤᠨ 6 ᠳ᠋ᠤᠭᠠᠷ ᠰᠤᠷᠭᠠᠭᠤᠯᠢ ᠶᠢᠨ ᠪ∙ᠤᠳᠬᠤᠨᠵᠠᠶᠠᠭᠠ᠂ 46 ᠺᠢᠯᠦᠭᠷᠡᠮ ᠦᠨ ᠵᠢᠩ ᠳᠦ ᠨᠠᠷᠠᠨᠪᠤᠯᠠᠭ ᠰᠤᠮᠤ ᠶᠢᠨ ᠳ∙ᠴᠡᠴᠡᠭᠰᠦ᠋ᠷᠦᠩ᠂ 53 ᠺᠢᠯᠦᠭᠷᠡᠮ ᠦᠨ ᠵᠢᠩ ᠳᠦ ᠥᠨᠳᠦᠷᠬᠠᠩᠭᠠᠢ ᠰᠤᠮᠤ ᠶᠢᠨ ᠪ∙ᠵᠢᠷᠭᠠᠯᠮ᠎ᠠ᠂ 61 ᠺᠢᠯᠦᠭᠷᠡᠮ ᠦᠨ ᠵᠢᠩ ᠳᠦ 1 ᠳᠦᠭᠡᠷ ᠰᠤᠷᠭᠠᠭᠤᠯᠢ ᠶᠢᠨ ᠱ ∙ᠲᠤᠩᠭᠠᠯᠠᠭ᠂ 69 ᠺᠢᠯᠦᠭᠷᠡᠮ ᠦᠨ ᠵᠢᠩ ᠳᠦ ᠴᠠᠭᠠᠨᠬᠠᠶᠢᠷᠬᠠᠨ ᠰᠤᠮᠤ ᠶᠢᠨ ᠼ∙ᠨᠢᠮᠠᠴᠡᠴᠡᠭ᠂ 43 ᠺᠢᠯᠦᠭᠷᠡᠮ ᠦᠨ ᠵᠢᠩ ᠳᠦ ᠨᠠᠷᠠᠨᠪᠤᠯᠠᠭ ᠰᠤᠮᠤ ᠶᠢᠨ ᠪ∙ᠣᠶᠤᠨ-ᠡᠷᠳᠡᠨᠢ ᠨᠠᠷ ᠲᠤᠰ ᠲᠤᠰ ᠠᠪᠤᠷᠭᠤ ᠶᠢᠨ ᠠᠯᠲᠠᠨ ᠮᠧᠳᠠᠯ ᠵᠡᠭᠦᠭᠰᠡᠨ ᠶᠤᠮ᠃