ᠬᠣᠪᠳᠣ ᠠᠶᠢᠮᠠᠭ ᠤᠨ ᠵᠠᠰᠠᠭ ᠳᠠᠷᠤᠭ᠎ᠠ ᠶᠢᠨ ᠲᠠᠮᠠᠭ᠎ᠠ ᠶᠢᠨ ᠭᠠᠵᠠᠷ ᠍ ᠠᠴᠠ ︽ᠡᠬᠡ ᠣᠷᠣᠨᠴᠢᠳ ᠤᠨ ᠡᠳᠦᠷ︾ ᠢ ᠲᠣᠬᠢᠶᠠᠯᠳᠤᠭᠤᠯᠤᠨ ᠣᠶᠤᠲᠠᠨ᠂ ᠰᠤᠷᠤᠭᠴᠢᠳ ᠤᠨ ᠡᠷᠬᠡ ᠴᠢᠯᠦᠭᠡ᠂ ᠲᠤᠰᠠᠭᠠᠷ ᠲᠣᠭᠲᠠᠨᠢᠯ ᠤᠨ ᠦᠨ᠎ᠡ ᠴᠡᠨ᠎ᠡ᠂ ᠪᠠᠬᠠᠷᠬᠠᠬᠤ ᠲᠡᠦᠬᠡ ᠶᠢᠨ ᠮᠡᠳᠡᠯᠭᠡ᠂ ᠮᠡᠳᠡᠭᠡᠯᠡᠯ ᠢ ᠨᠢ ᠨᠡᠮᠡᠭᠳᠡᠭᠦᠯᠬᠦ᠂ ᠡᠬᠡ ᠣᠷᠣᠨᠴᠢ ᠦᠵᠡᠯ ᠢ ᠲᠥᠯᠦᠪᠰᠢᠭᠦᠯᠬᠦ ᠵᠣᠷᠢᠯᠭ᠎ᠠ ᠪᠠᠷ ︽ᠡᠬᠡ ᠣᠷᠣᠨ-ᠮᠢᠨᠦ ᠪᠠᠬᠠᠷᠬᠠᠯ︾ ᠰᠡᠳᠦᠪᠲᠦ ᠰᠢᠯᠦᠭ᠂ ᠡᠰᠰᠸ ᠪᠢᠴᠢᠯᠭᠡ ᠶᠢᠨ ᠤᠷᠤᠯᠳᠤᠭᠠᠨ ᠵᠣᠬᠢᠶᠠᠨ ᠪᠠᠶᠢᠭᠤᠯᠵᠤ᠂ ᠰᠢᠯᠢᠳᠡᠭ ᠪᠦᠲᠦᠭᠡᠯ ᠦᠳ ᠢ ᠰᠢᠯᠭᠠᠷᠠᠭᠤᠯᠤᠯ᠎ᠠ᠃ ᠤᠷᠤᠯᠳᠤᠭᠠᠨ ᠳᠤ ᠬᠣᠪᠳᠣ ᠠᠶᠢᠮᠠᠭ ᠤᠨ ᠶᠡᠷᠦᠩᠬᠡᠢ ᠪᠣᠯᠪᠠᠰᠤᠷᠠᠯ ᠤᠨ ᠰᠤᠷᠭᠠᠭᠤᠯᠢ ᠶᠢᠨ 10-12 ᠳ᠋ᠤᠭᠠᠷ ᠠᠩᠬᠢ ᠶᠢᠨ ᠰᠤᠷᠤᠭᠴᠢᠳ᠂ ᠶᠡᠬᠡ᠂ ᠳᠡᠭᠡᠳᠦ ᠰᠤᠷᠭᠠᠭᠤᠯᠢ᠂ ᠺᠣᠯᠯᠧᠵᠢ ᠶᠢᠨ ᠣᠶᠤᠲᠠᠨ ᠨᠤᠭᠤᠳ ᠣᠷᠣᠯᠴᠠᠵᠤ᠂ 50 ᠣᠷᠴᠢᠮ ᠪᠦᠲᠦᠭᠡᠯ ᠢᠷᠡᠭᠦᠯᠦᠭᠰᠡᠨ ᠪᠠᠶᠢᠨ᠎ᠠ᠃
︽ᠡᠬᠡ ᠣᠷᠣᠨ-ᠮᠢᠨᠦ ᠪᠠᠬᠠᠷᠬᠠᠯ︾ ᠰᠡᠳᠦᠪᠲᠦ ᠰᠢᠯᠦᠭ ᠦᠨ ᠤᠷᠤᠯᠳᠤᠭᠠᠨ ᠤ ᠲᠡᠷᠢᠭᠦᠨ ᠪᠠᠶᠢᠷᠢ ᠳᠤ ᠮᠣᠩᠭᠣᠯ ᠤᠯᠤᠰ ᠤᠨ ᠶᠡᠬᠡ ᠰᠤᠷᠭᠠᠭᠤᠯᠢ ᠶᠢᠨ ᠣᠶᠤᠲᠠᠨ ᠮ∙ᠳᠠᠸᠠᠵᠢᠷᠭᠠᠯ᠂ ᠳᠡᠳ᠋ ᠪᠠᠶᠢᠷᠢ ᠳᠤ ᠬᠤᠪᠳᠤ ᠶᠡᠬᠡ ᠰᠤᠷᠭᠠᠭᠤᠯᠢ ᠶᠢᠨ ᠭᠤᠷᠪᠠᠳᠤᠭᠠᠷ ᠺᠦᠷᠰ ᠤᠨ ᠣᠶᠤᠲᠠᠨ ᠽ∙ᠨᠢᠮᠠᠳᠠᠷᠢ ᠮᠥᠨ ᠡᠰᠰᠸ ᠪᠢᠴᠢᠯᠭᠡ ᠶᠢᠨ ᠤᠷᠤᠯᠳᠤᠭᠠᠨ ᠤ ᠣᠶᠤᠲᠠᠨ᠂ ᠵᠠᠯᠠᠭᠤᠰ ᠤᠨ ᠠᠩᠭᠢᠯᠠᠯ ᠦᠨ ᠲᠡᠷᠢᠭᠦᠨ ᠪᠠᠶᠢᠷᠢ ᠳᠤ ᠰᠣᠯᠣᠩᠭᠣᠰ ᠤᠯᠤᠰ ᠤᠨ ᠰᠤᠸᠤᠨ ᠬᠣᠲᠠ ᠶᠢᠨ ᠬᠡᠯᠡᠨ ᠦ ᠪᠡᠯᠡᠳᠬᠡᠯ ᠦᠨ ᠣᠶᠤᠲᠠᠨ ᠮ∙ᠲᠣᠭᠲᠠᠬᠤᠪᠠᠭᠠᠲᠤᠷ᠂ ᠳᠡᠳ᠋ ᠪᠠᠶᠢᠷᠢ ᠳᠤ ᠬᠤᠪᠳᠤ ᠶᠡᠬᠡ ᠰᠤᠷᠭᠠᠭᠤᠯᠢ ᠶᠢᠨ ᠬᠣᠶᠠᠳᠤᠭᠠᠷ ᠺᠦᠷᠰ ᠤᠨ ᠣᠶᠤᠲᠠᠨ ᠠ᠊∙ᠴᠣᠭᠲᠤᠪᠠᠶᠠᠷ ᠰᠢᠯᠭᠠᠷᠠᠵᠠᠢ ᠃