ᠨᠢᠭᠡᠳᠦᠭᠰᠡᠨ ᠦᠨᠳᠦᠰᠦᠨ ᠦ ᠪᠠᠶᠢᠭᠤᠯᠤᠯᠭ᠎ᠠ ᠶᠢᠨ ᠬᠦᠨᠡᠰᠦ᠂ ᠬᠥᠳᠡᠭᠡ ᠠᠵᠤ ᠠᠬᠤᠢ ᠶᠢᠨ ᠭᠠᠵᠠᠷ ᠠᠴᠠ ᠬᠡᠷᠡᠭᠵᠢᠭᠦᠯᠵᠦ ᠪᠤᠢ Secim-2 ᠲᠥᠰᠥᠯ ᠦᠨ ᠬᠦᠷᠢᠶᠡᠨ ᠳᠦ ᠡᠨᠡ ᠣᠨ ᠳᠤ ᠬᠣᠪᠳᠣ ᠠᠶᠢᠮᠠᠭ ᠤᠨ ᠮᠢᠩᠭᠠᠳ᠂ ᠴᠢᠨᠳᠠᠮᠤᠨᠢ ᠰᠤᠮᠤᠨ ᠳᠤ ᠰᠦ ᠴᠠᠭᠠᠨ ᠢᠳᠡᠭᠡ ᠪᠣᠯᠪᠠᠰᠤᠷᠠᠭᠤᠯᠬᠤ ᠴᠸᠾ ᠪᠠᠶᠢᠭᠤᠯᠬᠤ ᠪᠠᠷ ᠲᠥᠯᠥᠪᠯᠡᠵᠦ ᠪᠠᠶᠢᠨ᠎ᠠ᠃
ᠧᠦ᠋ᠷᠣᠫᠠ ᠶᠢᠨ ᠬᠣᠯᠪᠣᠭᠠᠨ ᠤ ᠰᠠᠩᠬᠦᠦᠵᠢᠯᠲᠠ ᠪᠡᠷ ᠮᠣᠩᠭᠣᠯ ᠤᠯᠤᠰ ᠤᠨ ᠵᠠᠰᠠᠭ ᠤᠨ ᠭᠠᠵᠠᠷ᠂ ᠨᠢᠭᠡᠳᠦᠭᠰᠡᠨ ᠦᠨᠳᠦᠰᠦᠨ ᠦ ᠪᠠᠶᠢᠭᠤᠯᠤᠯᠭ᠎ᠠ ᠶᠢᠨ ᠬᠦᠨᠡᠰᠦ ᠬᠥᠳᠡᠭᠡ ᠠᠵᠤ ᠠᠬᠤᠢ ᠪᠣᠯᠤᠨ ᠠᠵᠤ ᠦᠢᠯᠡᠳᠪᠦᠷᠢ᠂ ᠬᠥᠭᠵᠢᠯ ᠦᠨ ᠪᠠᠶᠢᠭᠤᠯᠤᠯᠭ᠎ᠠ ᠬᠠᠮᠲᠤᠷᠠᠨ ᠬᠤᠪᠢ ᠶᠢᠨ ᠬᠡᠪᠰᠢᠯ ᠦᠨ ᠣᠷᠣᠯᠴᠠᠭ᠎ᠠ ᠲᠠᠢ ᠪᠠᠷ ᠮᠠᠯ ᠠᠵᠤ ᠠᠬᠤᠢ ᠶᠢᠨ ᠭᠠᠷᠤᠯᠲᠠᠢ ᠪᠦᠲᠦᠭᠡᠭᠳᠡᠬᠦᠨ ᠪᠣᠯᠤᠨ ᠬᠦᠨᠡᠰᠦᠨ ᠦ ᠨᠣᠭᠣᠭᠠᠨ ᠤ ᠦᠢᠯᠡᠳᠪᠦᠷᠢᠯᠡᠯ ᠦᠨ ᠨᠡᠮᠡᠭᠦᠦ ᠥᠷᠲᠡᠭ ᠦᠨ ᠰᠦᠯᠵᠢᠶ᠎ᠡ ᠶᠢ ᠬᠥᠭᠵᠢᠭᠦᠯᠬᠦ Secim-2 ᠲᠥᠰᠥᠯ ᠢ 2017 ᠣᠨ ᠠᠴᠠ ᠡᠬᠢᠯᠡᠨ ᠬᠣᠪᠳᠣ ᠠᠶᠢᠮᠠᠭ ᠲᠤ ᠬᠡᠷᠡᠭᠵᠢᠭᠦᠯᠵᠦ᠂ ᠪᠤᠯᠠᠭᠠᠨ᠂ ᠳᠠᠭᠤᠲᠤ ᠰᠤᠮᠤᠨ ᠳᠤ ᠰᠦ ᠴᠠᠭᠠᠨ ᠢᠳᠡᠭᠡ ᠪᠣᠯᠪᠠᠰᠤᠷᠠᠭᠤᠯᠬᠤ ᠴᠸᠾ ᠪᠠᠶᠢᠭᠤᠯᠵᠤ᠂ ᠲᠤᠰ ᠰᠤᠮᠤ ᠶᠢᠨ 60 ᠭᠠᠷᠤᠢ ᠢᠷᠭᠡᠨ ᠠᠵᠢᠯ ᠤᠨ ᠪᠠᠶᠢᠷᠢ ᠲᠠᠢ᠂ ᠮᠠᠯᠴᠢᠳ ᠲᠣᠭᠲᠠᠮᠠᠯ ᠣᠷᠣᠯᠭ᠎ᠠ ᠲᠠᠢ ᠪᠣᠯᠤᠭᠰᠠᠨ ᠪᠠᠶᠢᠨ᠎ᠠ᠃ ᠲᠡᠳᠡ 8 ᠲᠥᠷᠥᠯ ᠦᠨ 12 ᠨᠡᠷ᠎ᠡ ᠶᠢᠨ ᠪᠦᠲᠦᠭᠡᠭᠳᠡᠬᠦᠨ ᠦᠢᠯᠡᠳᠪᠦᠷᠢᠯᠡᠨ ᠵᠠᠬ᠎ᠠ ᠵᠡᠭᠡᠯᠢ ᠳᠦ ᠪᠣᠷᠣᠯᠠᠭᠤᠯᠵᠤ ᠪᠠᠶᠢᠨ᠎ᠠ᠃