ᠮᠣᠩᠭᠣᠯ ᠤᠨ ᠤᠯᠤᠰ ᠲᠥᠷᠥ ᠶᠢᠨ ᠤᠤᠭᠠᠨ ᠨᠠᠮ ᠪᠣᠯᠬᠤ ᠮᠤᠩᠭᠤᠯ ᠠᠷᠠᠳ ᠤᠨ ᠨᠠᠮ ᠡᠭᠦᠰᠦᠨ ᠪᠠᠶᠢᠭᠤᠯᠤᠭᠳᠠᠭᠰᠠᠨ ᠤ 98 ᠵᠢᠯ ᠦᠨ ᠣᠢ ᠪᠤᠶᠤ ︽ᠡᠬᠡ ᠣᠷᠣᠨᠴᠢᠳ ᠤᠨ ᠡᠳᠦᠷ︾ ᠍ ᠦᠨ ᠪᠠᠶᠠᠷ ᠤᠨ ᠬᠤᠷᠠᠯ ᠥᠨᠥᠳᠥᠷ ᠰᠤᠶᠤᠯ ᠤᠨ ᠲᠥᠪ ᠥᠷᠭᠦᠭᠡᠨ ᠳᠦ ᠪᠣᠯᠤᠯ᠎ᠠ᠃ ᠤᠯᠤᠰ ᠤᠨ ᠶᠡᠬᠡ ᠬᠤᠷᠠᠯ ᠠᠴᠠ 2011 ᠣᠨ ᠳᠤ ᠮᠤᠩᠭᠤᠯ ᠠᠷᠠᠳ ᠤᠨ ᠨᠠᠮ ᠍ ᠤᠨ ᠡᠭᠦᠰᠦᠨ ᠪᠠᠶᠢᠭᠤᠯᠤᠭᠳᠠᠭᠰᠠᠨ ᠡᠳᠦᠷ ᠢ ︽ᠡᠬᠡ ᠣᠷᠣᠨᠴᠢᠳ ᠤᠨ ᠡᠳᠦᠷ︾ ᠪᠣᠯᠭᠠᠨ ᠲᠡᠮᠳᠡᠭᠯᠡᠵᠦ ᠪᠠᠶᠢᠬᠤ ᠪᠠᠷ ᠬᠠᠤᠯᠢᠴᠢᠯᠠᠭᠰᠠᠨ᠃ ᠮᠤᠩᠭᠤᠯ ᠠᠷᠠᠳ ᠤᠨ ᠨᠠᠮ 1921 ᠣᠨ ᠳᠤ ᠬᠤᠪᠢᠰᠬᠠᠯ ᠥᠷᠨᠢᠭᠦᠯᠵᠦ᠂ ᠡᠳ᠋ ᠦᠨ ᠵᠠᠰᠠᠭ ᠤᠨ ᠬᠤᠪᠢ ᠳᠤ ᠬᠣᠴᠣᠷᠤᠭᠳᠠᠭᠰᠠᠨ᠂ ᠴᠥᠭᠡᠨ ᠬᠦᠮᠦᠨ ᠠᠮᠠ ᠲᠠᠢ᠂ ᠮᠥᠬᠥᠯ ᠦᠨ ᠢᠷᠮᠡᠭ ᠲᠦ ᠢᠷᠡᠭᠰᠡᠨ ᠭᠡᠭᠳᠡᠵᠦ ᠪᠠᠶᠢᠭᠰᠠᠨ ᠤᠯᠤᠰ ᠣᠷᠣᠨ ᠢᠶᠠᠨ ᠰᠡᠷᠭᠦᠭᠡᠨ ᠪᠣᠰᠬᠠᠵᠤ᠂ ᠬᠥᠭᠵᠢᠭᠦᠯᠬᠦ ᠬᠠᠷᠢᠭᠤᠴᠠᠯᠭ᠎ᠠ ᠲᠠᠢ ᠡᠭᠦᠷᠭᠡ ᠪᠡᠨ ᠠᠮᠵᠢᠯᠲᠠ ᠲᠠᠢ ᠪᠡᠶᠡᠯᠡᠭᠦᠯᠦᠭᠰᠡᠨ ᠭᠡᠳᠡᠭ ᠢ ᠲᠤᠰ ᠨᠠᠮ ᠤᠨ ᠳᠠᠷᠤᠭ᠎ᠠ ᠤ᠊∙ᠬᠦᠷᠡᠯᠰᠦ᠋ᠬᠡ ᠬᠤᠷᠠᠯ ᠤᠨ ᠨᠡᠭᠡᠭᠡᠯᠲᠡ ᠶᠢᠨ ᠦᠶ᠎ᠡ ᠪᠡᠷ ᠣᠨᠴᠠᠯᠠᠪᠠ᠃
ᠮᠥᠨ ᠠᠩᠬᠠᠳᠤᠭᠠᠷ ᠦᠨᠳᠦᠰᠦᠨ ᠬᠠᠤᠯᠢ ᠪᠠᠨ ᠪᠠᠲᠤᠯᠠᠵᠤ᠂ ᠳᠡᠯᠡᠬᠡᠢ ᠨᠡᠶᠢᠲᠡ ᠳᠦ ᠲᠤᠰᠠᠭᠠᠷ ᠲᠣᠭᠲᠠᠨᠢᠯ ᠢᠶᠠᠨ ᠬᠦᠯᠢᠶᠡᠨ ᠵᠥᠪᠰᠢᠶᠡᠷᠡᠭᠦᠯᠵᠦ ᠴᠢᠳᠠᠭᠰᠠᠨ ᠲᠡᠦᠬᠡᠨ ᠭᠠᠪᠢᠶ᠎ᠠ ᠲᠠᠢ ᠨᠠᠮ ᠭᠡᠳᠡᠭ ᠢ ᠣᠨᠴᠠᠯᠠᠭᠠᠳ᠂ ︽ᠮᠠᠨ ᠤ ᠨᠠᠮ ᠥᠩᠭᠡᠷᠡᠭᠰᠡᠨ ᠬᠤᠭᠤᠴᠠᠭᠠᠨ ᠳᠤ ᠪᠣᠳᠣᠯᠭ᠎ᠠ ᠶᠢᠨ ᠲᠡᠳᠦᠢ ᠦᠭᠡᠢ ᠪᠦᠲᠦᠭᠡᠭᠴᠢ ᠨᠠᠮ ᠪᠠᠶᠢᠬᠤ ᠶᠢᠨ ᠲᠥᠯᠥᠭᠡ ᠠᠵᠢᠯᠯᠠᠵᠤ ᠢᠷᠡᠭᠰᠡᠨ᠃ ᠣᠳᠣ ᠴᠤ ᠪᠢᠳᠡ ᠭᠠᠵᠠᠷ ᠤᠨ ᠲᠣᠰᠣ ᠪᠣᠯᠪᠠᠰᠤᠷᠠᠭᠤᠯᠬᠤ ᠦᠢᠯᠡᠳᠪᠤᠷᠢ ᠂ ᠴᠡᠪᠡᠷᠯᠡᠬᠦ ᠪᠠᠶᠢᠭᠤᠯᠤᠮᠵᠢ᠂ ᠳᠤᠯᠠᠭᠠᠨ ᠤ ᠴᠠᠬᠢᠯᠭᠠᠨ ᠰᠲ᠋ᠠᠨᠼ ᠍ ᠤᠳ᠂ ᠰᠠᠶᠢᠵᠢᠷᠠᠭᠤᠯᠤᠭᠰᠠᠨ ᠲᠦᠯᠡᠰᠢᠨ ᠦ ᠦᠢᠯᠡᠳᠪᠦᠷᠢ ᠵᠡᠷᠭᠡ ᠲᠣᠮᠣᠬᠠᠨ ᠪᠦᠲᠦᠭᠡᠨ ᠪᠠᠶᠢᠭᠤᠯᠤᠯᠲᠠ ᠶᠢᠨ ᠲᠥᠰᠥᠯ ᠢ ᠡᠬᠢᠯᠡᠭᠦᠯᠦᠭᠡᠳ ᠪᠠᠶᠢᠨ᠎ᠠ᠃ ᠲᠣᠪᠴᠢᠬᠠᠨ ᠳᠤ ᠪᠠᠨ ᠮᠤᠩᠭᠤᠯ ᠠᠷᠠᠳ ᠤᠨ ᠨᠠᠮ ᠤᠨ ᠲᠡᠦᠬᠡ ᠪᠣᠯ ᠮᠣᠩᠭᠣᠯ ᠤᠨ ᠡᠷᠬᠡ ᠴᠢᠯᠦᠭᠡ᠂ ᠲᠤᠰᠠᠭᠠᠷ ᠲᠣᠭᠲᠠᠨᠢᠯ᠂ ᠶᠡᠬᠡ ᠪᠦᠲᠦᠭᠡᠨ ᠪᠠᠶᠢᠭᠤᠯᠤᠯᠲᠠ᠂ ᠬᠥᠭᠵᠢᠯ ᠳᠡᠪᠰᠢᠯ ᠦᠨ ᠲᠡᠦᠬᠡ ᠶᠤᠮ ᠬᠡᠮᠡᠪᠡ᠃