ᠡᠷᠴᠢᠮ ᠬᠦᠴᠦ ᠶᠢ ᠭᠤᠷᠪᠠ ᠳᠠᠬᠢᠨ ᠬᠢᠮᠳᠠ ᠦᠨ᠎ᠡ ᠪᠡᠷ ᠦᠢᠯᠡᠳᠪᠦᠷᠢᠯᠡᠬᠦ ᠪᠣᠯᠤᠮᠵᠢ ᠲᠠᠢ | News.MN

ᠡᠷᠴᠢᠮ ᠬᠦᠴᠦ ᠶᠢ ᠭᠤᠷᠪᠠ ᠳᠠᠬᠢᠨ ᠬᠢᠮᠳᠠ ᠦᠨ᠎ᠡ ᠪᠡᠷ ᠦᠢᠯᠡᠳᠪᠦᠷᠢᠯᠡᠬᠦ ᠪᠣᠯᠤᠮᠵᠢ ᠲᠠᠢ

ᠮᠣᠩᠭᠣᠯ ᠤᠯᠤᠰ ᠤᠨ ᠶᠡᠷᠦᠩᠬᠡᠶᠢᠯᠡᠭᠴᠢ ᠬ∙ᠪᠠᠲᠤᠲᠤᠯᠭ᠎ᠠ ᠶᠢᠨ ᠢᠪᠡᠭᠡᠯ ᠳᠦ ᠵᠣᠬᠢᠶᠠᠨ ᠪᠠᠶᠢᠭᠤᠯᠵᠤ ᠪᠤᠢ ︽ᠵᠡᠭᠦᠨ ᠬᠤᠶᠢᠳᠤ ᠠᠽᠢᠶ᠎ᠠ ᠶᠢᠨ ᠪᠥᠰᠡ ᠨᠤᠲᠤᠭ ᠤᠨ ᠨᠢᠭᠡᠳᠦᠭᠰᠡᠨ ᠰᠦᠯᠵᠢᠶᠡᠨ ᠦ ᠰᠲᠷᠠᠲ᠋ᠧᠭᠢ︾ ᠲᠥᠰᠥᠯ ᠦᠨ ᠣᠯᠠᠨ ᠤᠯᠤᠰ ᠤᠨ ᠠᠭᠤᠯᠵᠠᠯᠲᠠ ᠥᠨᠥᠳᠥᠷ ᠤᠯᠠᠭᠠᠨᠪᠠᠭᠠᠲᠤᠷ ᠬᠤᠲᠠ ᠳᠤ ᠡᠬᠢᠯᠡᠯ᠎ᠡ᠃  ᠵᠡᠭᠦᠨ ᠬᠤᠶᠢᠳᠤ ᠠᠽᠢᠶ᠎ᠠ ᠶᠢᠨ ᠮᠣᠩᠭᠣᠯ ᠤᠯᠤᠰ᠂ ᠪᠦᠭᠦᠳᠡ ᠨᠠᠶᠢᠷᠠᠮᠳᠠᠬᠤ ᠬᠢᠲᠠᠳ ᠠᠷᠠᠳ ᠤᠯᠤᠰ᠂ ᠣᠷᠣᠰ ᠤᠨ ᠬᠣᠯᠪᠣᠭᠠᠨ ᠤ ᠤᠯᠤᠰ᠂ ᠶᠠᠫᠣᠨ᠂  ᠪᠦᠭᠦᠳᠠ ᠨᠠᠶᠢᠷᠠᠮᠳᠠᠬᠤ ᠰᠤᠯᠤᠩᠭᠤᠰ ᠵᠡᠷᠭᠡ ᠲᠠᠪᠤᠨ ᠤᠯᠤᠰ ᠢ ᠬᠣᠯᠪᠣᠭᠰᠠᠨ ᠡᠷᠴᠢᠮ ᠬᠦᠴᠦᠨ ᠦ ᠨᠢᠭᠡᠳᠦᠭᠰᠡᠨ ᠰᠦᠯᠵᠢᠶ᠎ᠡ  ᠪᠤᠢ ᠪᠣᠯᠭᠠᠬᠤ ᠵᠣᠷᠢᠯᠭ᠎ᠠ ᠲᠠᠢ ᠲᠥᠰᠥᠯ ᠦᠨ ᠠᠭᠤᠯᠵᠠᠯᠲᠠ ᠶᠢ ᠨᠡᠭᠡᠭᠡᠵᠦ ᠬ∙ᠪᠠᠲᠤᠲᠤᠯᠭ᠎ᠠ ᠦᠭᠡ ᠬᠡᠯᠡᠪᠡ᠃

ᠲᠡᠷᠡ᠄ ᠪᠥᠰᠡ ᠨᠤᠲᠤᠭ ᠤᠨ ᠡᠷᠴᠢᠮ ᠬᠦᠴᠦᠨ ᠦ ᠬᠠᠮᠲᠤ ᠶᠢᠨ ᠠᠵᠢᠯᠯᠠᠭᠠᠨ ᠤ ᠵᠠᠮ ᠤᠨ ᠵᠢᠷᠤᠭᠯᠠᠯ ᠢ ᠲᠣᠳᠣᠷᠬᠠᠶᠢᠯᠠᠬᠤ ᠰᠲᠷᠠᠲ᠋ᠧᠭᠢ ᠨᠢ ᠵᠡᠭᠦᠨ ᠬᠤᠶᠢᠳᠤ ᠠᠽᠢᠶ᠎ᠠ ᠶᠢᠨ ᠴᠠᠬᠢᠯᠭᠠᠨ ᠡᠷᠴᠢᠮ ᠬᠦᠴᠦᠨ ᠦ ᠨᠢᠭᠡᠳᠦᠭᠰᠡᠨ ᠰᠦᠯᠵᠢᠶ᠎ᠡ ᠪᠠᠶᠢᠭᠤᠯᠬᠤ ᠠᠵᠢᠯ ᠤᠨ ᠴᠢᠬᠤᠯᠠ ᠠᠯᠬᠤᠮ ᠶᠤᠮ᠃ ᠮᠢᠨᠦ ᠪᠡᠶ᠎ᠡ 2018 ᠣᠨ ᠤ ᠶᠢᠰᠦᠳᠦᠭᠡᠷ ᠰᠠᠷ᠎ᠠ ᠳᠤ  ︽ᠳᠣᠷᠣᠨ᠎ᠠ ᠶᠢᠨ ᠡᠳ᠋ ᠍ ᠦᠨ ᠵᠠᠰᠠᠭ ᠤᠨ ᠴᠢᠭᠤᠯᠭ᠎ᠠ︾ ᠠᠭᠤᠯᠵᠠᠯᠲᠠ ᠶᠢᠨ ᠦᠶ᠎ᠡ ᠪᠡᠷ ᠵᠡᠭᠦᠨ ᠬᠤᠶᠢᠳᠤ ᠠᠽᠢᠶ᠎ᠠ ᠶᠢᠨ ᠣᠷᠣᠨ ᠨᠤᠭᠤᠳ ᠢ ᠴᠠᠬᠢᠯᠭᠠᠨ ᠡᠷᠴᠢᠮ ᠬᠦᠴᠦ ᠪᠡᠷ ᠬᠠᠩᠭᠠᠬᠤ᠂ ᠣᠷᠭᠢᠯ ᠴᠠᠭ ᠤᠨ ᠠᠴᠢᠶᠠᠯᠠᠯ ᠬᠤᠪᠢᠶᠠᠯᠴᠠᠭᠰᠠᠨ᠂ ᠨᠥᠭᠡᠴᠡ ᠠᠰᠢᠭᠯᠠᠯᠲᠠ ᠶᠢᠨ ᠣᠨᠣᠪᠴᠢᠲᠠᠢ ᠰᠢᠢᠳᠦᠯ ᠪᠣᠯᠬᠤ ︽ᠵᠡᠭᠦᠨ ᠬᠤᠶᠢᠳᠤ ᠠᠽᠢᠶ᠎ᠠ ᠶᠢᠨ ᠡᠷᠴᠢᠮ ᠬᠦᠴᠦᠨ ᠦ ᠰᠦᠫᠸᠷ ᠰᠦᠯᠵᠢᠶ᠎ᠡ︾ ᠲᠥᠰᠥᠯ ᠦᠨ ᠠᠵᠢᠯ ᠢ ᠬᠠᠮᠲᠤᠷᠠᠨ᠂ ᠴᠠᠭ ᠠᠯᠳᠠᠯ ᠦᠭᠡᠢ᠂ ᠰᠢᠭᠤᠷᠬᠠᠢ ᠡᠷᠴᠢᠮᠵᠢᠭᠦᠯᠬᠦ ᠵᠣᠷᠢᠯᠭ᠎ᠠ᠂ ᠵᠣᠬᠢᠴᠠᠭᠤᠯᠤᠯᠲᠠ ᠶᠢᠨ ᠡᠭᠦᠷᠭᠡ ᠪᠦᠬᠦᠢ ᠪᠠᠶᠢᠭᠤᠯᠤᠯᠭ᠎ᠠ ᠶᠢ ᠤᠯᠠᠭᠠᠨᠪᠠᠭᠠᠲᠤᠷ  ᠬᠤᠲᠠ ᠳᠤ ᠪᠠᠶᠢᠭᠤᠯᠬᠤ ᠰᠠᠨᠠᠯ ᠢ ᠲᠠᠯᠪᠢᠭᠰᠠᠨ ᠪᠢᠯᠡ᠃

ᠮᠣᠩᠭᠣᠯ ᠤᠯᠤᠰ ᠴᠠᠬᠢᠯᠭᠠᠨ ᠡᠷᠴᠢᠮ ᠬᠦᠴᠦ ᠶᠢ ᠪᠥᠰᠡ ᠨᠤᠲᠤᠭ ᠤᠨ ᠵᠠᠷᠢᠮ ᠬᠡᠷᠡᠭᠯᠡᠭᠴᠢᠳ ᠦᠨ ᠣᠳᠣ ᠶᠢᠨ ᠦᠨ᠎ᠡ ᠲᠠᠢ ᠬᠠᠷᠢᠴᠠᠭᠤᠯᠬᠤ ᠳᠤ ᠭᠤᠷᠪᠠ ᠳᠠᠬᠢᠨ ᠬᠢᠮᠳᠠ ᠦᠢᠯᠡᠳᠪᠤᠷᠢᠯᠡᠬᠦ ᠪᠣᠯᠤᠮᠵᠢ ᠲᠠᠢ᠃ ᠮᠣᠩᠭᠣᠯ ᠤᠯᠤᠰ ᠨᠢ ᠬᠥᠷᠰᠢ ᠣᠷᠣᠨ ᠂ ᠪᠥᠰᠡ ᠨᠤᠲᠤᠭ ᠤᠨ ᠪᠤᠰᠤᠳ ᠣᠷᠣᠨ ᠨᠤᠭᠤᠳ ᠲᠠᠢ ᠤᠯᠤᠰ ᠲᠥᠷᠥ ᠶᠢᠨ ᠬᠠᠷᠢᠯᠴᠠᠭᠠᠨ ᠤ ᠣᠶᠢᠯᠠᠭᠠᠯᠴᠠᠯ ᠤᠨ ᠲᠦᠪᠰᠢᠨ ᠥᠨᠳᠥᠷ᠂ ᠶᠠᠮᠠᠷᠪᠠ ᠬᠤᠷᠴᠠᠳᠠᠮᠠᠯ᠂ ᠮᠠᠷᠭᠤᠭᠠᠨ ᠲᠠᠢ ᠠᠰᠠᠭᠤᠳᠠᠯ ᠦᠭᠡᠢ ᠣᠷᠣᠨ ᠪᠢᠯᠡ᠃ ᠮᠣᠩᠭᠣᠯ ᠤᠯᠤᠰ ᠡᠨᠡ ᠲᠥᠰᠥᠯ ᠢ ᠠᠮᠵᠢᠯᠲᠠ ᠲᠠᠢ ᠬᠡᠷᠡᠭᠵᠢᠭᠦᠯᠬᠦ ᠳᠦ ᠴᠢᠬᠤᠯᠠ ᠡᠭᠦᠷᠭᠡ ᠭᠦᠢᠴᠡᠳᠭᠡᠬᠦ ᠲᠠᠭᠠᠲᠠᠢ ᠨᠥᠬᠥᠴᠡᠯ ᠢ ᠠᠭᠤᠯᠵᠤ ᠪᠠᠶᠢᠨ᠎ᠠ᠃ ᠡᠷᠴᠢᠮ ᠬᠦᠴᠦᠨ ᠦ ᠡᠬᠢ ᠡᠭᠦᠰᠪᠦᠷᠢ ᠶᠢᠨ ᠬᠤᠪᠢ ᠳᠤ ᠴᠤ ᠮᠣᠩᠭᠣᠯ ᠤᠯᠤᠰ ᠠᠰᠤᠷᠤ ᠶᠡᠬᠡ ᠨᠥᠭᠡᠴᠡ ᠲᠡᠢ᠂ ᠠᠭᠤᠳᠠᠮ ᠨᠤᠲᠤᠭ ᠲᠠᠢ᠂ ᠵᠢᠯ ᠦᠨ 300 ᠢᠯᠡᠭᠦᠦ ᠬᠣᠨᠣᠭ ᠲᠤ ᠨᠠᠷᠠ ᠲᠠᠢ ᠤᠴᠢᠷ ᠨᠠᠷᠠ᠂ ᠰᠠᠯᠬᠢ᠂ ᠨᠡᠭᠦᠷᠡᠰᠦ ᠪᠣᠯᠤᠨ ᠪᠤᠰᠤᠳ ᠡᠬᠢ ᠡᠭᠦᠰᠪᠦᠷᠢ ᠶᠢᠨ ᠴᠠᠬᠢᠯᠭᠠᠨ ᠦᠢᠯᠡᠳᠪᠦᠷᠢᠯᠡᠯ ᠨᠢ ᠤᠯᠠᠷᠢᠯ ᠪᠣᠯᠤᠨ ᠴᠠᠭ ᠤᠨ ᠪᠥᠰᠡ ᠶᠢᠨ  ᠵᠦᠷᠢᠶ᠎ᠡ ᠡᠴᠡ ᠡᠭᠦᠳᠦᠨ ᠶᠠᠫᠣᠨ᠂ ᠡᠮᠦᠨᠡᠲᠦ ᠰᠣᠯᠣᠩᠭᠣᠰ ᠤᠯᠤᠰ ᠤᠳ ᠤᠨ ᠣᠷᠭᠢᠯ ᠴᠠᠭ ᠤᠨ ᠠᠴᠢᠶᠠᠯᠠᠯ ᠢ ᠬᠥᠩᠭᠡᠪᠴᠢᠯᠡᠬᠦ ᠪᠦᠷᠢᠨ ᠪᠣᠯᠤᠮᠵᠢ ᠲᠠᠢ ᠶᠤᠮ ᠭᠡᠯ᠎ᠡ᠃

ᠰᠡᠳᠬᠢᠭᠳᠡᠯ ᠦᠯᠡᠳᠡᠭᠡᠬᠦ