ᠮᠣᠩᠭᠣᠯ ᠤᠯᠤᠰ ᠤᠨ ᠶᠡᠬᠡ ᠬᠤᠷᠠᠯ ᠤᠨ ᠳᠠᠷᠤᠭ᠎ᠠ ᠭ∙ᠽᠠᠨᠳᠠᠨᠰᠢᠲᠠᠷ᠎ᠠ ᠥᠨᠥᠳᠥᠷ ᠣᠯᠠᠨ ᠤᠯᠤᠰ ᠤᠨ ᠸᠠᠯᠢᠶᠤᠲ ᠤᠨ ᠰᠠᠩ ᠤᠨ ᠮᠣᠩᠭᠣᠯ ᠤᠯᠤᠰ ᠳᠠᠬᠢ ᠰᠠᠭᠤᠷᠢᠨ ᠲᠥᠯᠥᠭᠡᠯᠡᠭᠴᠢ ᠨᠸᠢᠢᠯ ᠰᠡᠢᠺᠠᠷ ᠢ ᠬᠦᠯᠢᠶᠡᠨ ᠠᠪᠴᠤ ᠠᠭᠤᠯᠵᠠᠯ᠎ᠠ᠃ ᠠᠭᠤᠯᠵᠠᠯᠲᠠ ᠶᠢᠨ ᠦᠶ᠎ᠡ ᠪᠡᠷ ᠨᠣᠶᠠᠨ ᠨᠸᠢᠢᠯ ᠰᠡᠢᠺᠠᠷ ᠮᠣᠩᠭᠣᠯ ᠤᠯᠤᠰ ᠤᠨ ᠵᠠᠰᠠᠭ ᠤᠨ ᠭᠠᠵᠠᠷ᠂ ᠣᠯᠠᠨ ᠤᠯᠤᠰ ᠤᠨ ᠸᠠᠯᠢᠶᠤᠲ ᠤᠨ ᠰᠠᠩ ᠦᠨ ᠬᠠᠮᠲᠤ ᠶᠢᠨ ᠠᠵᠢᠯᠯᠠᠭ᠎ᠠ ᠂ ᠥᠷᠭᠡᠳᠬᠡᠭᠰᠡᠨ ᠰᠠᠩᠬᠦᠦᠵᠢᠯᠲᠠ ᠶᠢᠨ ᠬᠥᠲᠥᠯᠪᠦᠷᠢ ᠪᠣᠯᠤᠨ ᠲᠡᠭᠦᠨ ᠦ ᠬᠡᠷᠡᠭᠵᠢᠯᠲᠡ᠂ ᠶᠠᠪᠤᠴᠠ ᠶᠢᠨ ᠲᠠᠯ᠎ᠠ ᠪᠠᠷ ᠮᠡᠳᠡᠭᠡᠯᠡᠯ ᠬᠢᠪᠡ᠃ ᠲᠡᠷᠡ ᠪᠡᠷ᠂ ︽ᠬᠥᠲᠥᠯᠪᠦᠷᠢ ᠶᠢᠨ ᠬᠡᠷᠡᠭᠵᠢᠯᠲᠡ ᠶᠢᠨ ᠦᠨᠡᠯᠡᠭᠡ ᠶᠢ ᠣᠯᠠᠨ ᠤᠯᠤᠰ ᠤᠨ ᠸᠠᠯᠢᠶᠤᠲ ᠤᠨ ᠰᠠᠩ ᠠᠴᠠ ᠤᠯᠠᠷᠢᠯ ᠲᠤᠲᠤᠮ ᠬᠢᠬᠦ ᠪᠥᠭᠡᠳ ᠥᠷᠭᠡᠳᠬᠡᠭᠰᠡᠨ ᠰᠠᠩᠬᠦᠦᠵᠢᠯᠲᠠ ᠶᠢᠨ ᠬᠥᠲᠥᠯᠪᠦᠷᠢ ᠡᠬᠢᠯᠡᠭᠰᠡᠨ ᠡᠴᠡ ᠬᠣᠶᠢᠰᠢ ᠥᠨᠥ ᠶᠢ ᠬᠦᠷᠲᠡᠯ᠎ᠡ ᠨᠡᠶᠢᠲᠡ ᠵᠢᠷᠭᠤᠭᠠᠨ ᠤᠳᠠᠭ᠎ᠠ ᠶᠢᠨ ᠦᠨᠡᠯᠡᠭᠡ ᠶᠢ ᠠᠮᠵᠢᠯᠲᠠᠲᠠᠢ ᠬᠠᠮᠲᠤᠷᠠᠨ ᠬᠡᠯᠡᠯᠴᠡᠭᠦᠯᠦᠭᠡᠳ ᠪᠠᠶᠢᠨ᠎ᠠ᠃ ᠬᠥᠲᠥᠯᠪᠦᠷᠢ ᠶᠢᠨ ᠵᠢᠷᠭᠤᠳᠤᠭᠠᠷ ᠱᠠᠲᠤᠨ ᠤ ᠦᠨᠡᠯᠡᠭᠡ ᠶᠢ 2018 ᠣᠨ ᠤ 11 ᠳ᠋ᠤᠭᠡᠷ ᠰᠠᠷ᠎ᠠ ᠶᠢᠨ 07-17 ᠍ ᠳᠦ ᠣᠯᠠᠨ ᠤᠯᠤᠰ ᠤᠨ ᠸᠠᠯᠢᠶᠤᠲ ᠤᠨ ᠰᠠᠩ ᠦᠨ ᠠᠵᠢᠯ ᠤᠨ ᠬᠡᠰᠡᠭ ᠲᠡᠢ ᠬᠠᠮᠲᠤᠷᠠᠨ ᠬᠢᠭᠰᠡᠨ᠃ ᠦᠨᠡᠯᠡᠭᠡ ᠪᠡᠷ ᠮᠣᠩᠭᠣᠯ ᠤᠯᠤᠰ ᠤᠨ ᠮᠠᠺᠷᠤ᠋ ᠡᠳ᠋ ᠍ ᠦᠨ ᠵᠠᠰᠠᠭ ᠤᠨ ᠦᠵᠡᠭᠦᠯᠦᠯᠲᠡ ᠡᠶᠡᠷᠭᠦ ᠬᠡᠪ ᠢᠶᠡᠷ ᠪᠠᠶᠢᠭ᠎ᠠ ᠪᠥᠭᠡᠳ ᠪᠦᠬᠦ ᠵᠣᠷᠢᠯᠲᠠ ᠨᠤᠭᠤᠳ ᠪᠡᠶᠡᠯᠡᠭᠰᠡᠨ ᠪᠠᠶᠢᠨ᠎ᠠ᠃ 2016 ᠣᠨ ᠳᠤ 1.2 ᠬᠤᠪᠢ ᠪᠠᠶᠢᠭᠰᠠᠨ ᠡᠳ᠋ ᠍ ᠦᠨ ᠵᠠᠰᠠᠭ ᠤᠨ ᠥᠰᠦᠯᠲᠡ ᠲᠡᠢ ᠪᠠᠶᠢᠭᠰᠠᠨ ᠪᠣᠯ 2019 ᠣᠨ ᠳᠤ 8 ᠣᠷᠴᠢᠮ ᠬᠤᠪᠢ ᠪᠠᠷ ᠥᠰᠬᠦ ᠪᠡᠷ ᠪᠠᠶᠢᠨ᠎ᠠ ᠭᠡᠯᠡ᠃
ᠤᠯᠤᠰ ᠤᠨ ᠶᠡᠬᠡ ᠬᠤᠷᠠᠯ ᠤᠨ ᠳᠠᠷᠤᠭ᠎ᠠ ᠭ∙ᠽᠠᠨᠳᠠᠨᠰᠢᠲᠠᠷ᠎ᠠ ᠣᠯᠠᠨ ᠤᠯᠤᠰ ᠤᠨ ᠸᠠᠯᠢᠶᠤᠲ ᠤᠨ ᠰᠠᠩ ᠦᠨ ︽ᠥᠷᠭᠡᠳᠬᠡᠭᠰᠡᠨ ᠰᠠᠩᠬᠦᠦᠵᠢᠯᠲᠠ ᠶᠢᠨ ᠬᠥᠲᠥᠯᠪᠦᠷᠢ︾ ᠳᠦ ᠬᠠᠮᠤᠷᠤᠭᠳᠠᠭᠰᠠᠨ ᠢᠶᠠᠷ ᠮᠣᠩᠭᠣᠯ ᠤᠯᠤᠰ ᠤᠨ ᠡᠳ᠋ ᠍ ᠦᠨ ᠵᠠᠰᠠᠭ ᠤᠨ ᠥᠰᠦᠯᠲᠡ ᠬᠤᠷᠳᠤᠰᠴᠦ ᠂ ᠬᠥᠷᠥᠩᠭᠡ ᠣᠷᠣᠭᠤᠯᠤᠯᠲᠠ ᠨᠡᠮᠡᠭᠳᠡᠨ᠂ ᠲᠥᠰᠥᠪ ᠦᠨ ᠰᠠᠬᠢᠯᠭ᠎ᠠ ᠪᠠᠲᠤ ᠰᠠᠶᠢᠵᠢᠷᠠᠵᠤ ᠪᠠᠶᠢᠭ᠎ᠠ ᠶᠢ ᠠᠭᠤᠯᠵᠠᠯᠲᠠ ᠶᠢᠨ ᠡᠬᠢᠨ ᠳᠦ ᠲᠡᠮᠳᠡᠭᠯᠡᠭᠡᠳ ᠲᠠᠯᠠᠷᠬᠠᠯ ᠢᠯᠡᠷᠬᠡᠶᠢᠯᠡᠪᠡ᠃