ᠭ∙ᠽᠠᠨᠳᠠᠨᠰᠢᠲᠠᠷ᠎ᠠ ᠰᠢᠩ ᠬᠠᠢ ᠮᠢᠩ ᠢ ᠬᠦᠯᠢᠶᠡᠨ ᠠᠪᠴᠤ ᠠᠭᠤᠯᠵᠠᠯ᠎ᠠ | News.MN

ᠭ∙ᠽᠠᠨᠳᠠᠨᠰᠢᠲᠠᠷ᠎ᠠ ᠰᠢᠩ ᠬᠠᠢ ᠮᠢᠩ ᠢ ᠬᠦᠯᠢᠶᠡᠨ ᠠᠪᠴᠤ ᠠᠭᠤᠯᠵᠠᠯ᠎ᠠ

ᠮᠣᠩᠭᠣᠯ ᠤᠯᠤᠰ ᠤᠨ ᠶᠡᠬᠡ ᠬᠤᠷᠠᠯ ᠤᠨ ᠳᠠᠷᠤᠭ᠎ᠠ ᠭ∙ᠽᠠᠨᠳᠠᠨᠰᠢᠲᠠᠷ᠎ᠠ ᠪᠦᠭᠦᠳᠡ ᠨᠠᠶᠢᠷᠠᠮᠳᠠᠬᠤ ᠬᠢᠲᠠᠳ ᠠᠷᠠᠳ ᠤᠯᠤᠰ ᠠᠴᠠ ᠮᠣᠩᠭᠣᠯ ᠤᠯᠤᠰ ᠲᠤ ᠰᠠᠭᠤᠭ᠎ᠠ ᠣᠨᠴᠠ ᠪᠥᠭᠡᠳ ᠪᠦᠷᠢᠨ ᠡᠷᠬᠡᠲᠦ ᠡᠯᠴᠢᠨ ᠰᠠᠶᠢᠳ ᠰᠢᠩ ᠬᠠᠢ ᠮᠢᠩ  ᠢ ᠬᠦᠯᠢᠶᠡᠨ ᠠᠪᠴᠤ ᠠᠭᠤᠯᠵᠠᠯ᠎ᠠ᠃ ᠠᠭᠤᠯᠵᠠᠯᠲᠠ ᠶᠢᠨ ᠡᠬᠢᠨ ᠳᠦ ᠨᠣᠶᠠᠨ ᠰᠢᠩ ᠬᠠᠢ ᠮᠢᠩ ᠮᠣᠩᠭᠣᠯ ᠤᠯᠤᠰ ᠤᠨ ᠶᠡᠬᠡ ᠬᠤᠷᠠᠯ ᠤᠨ  ᠳᠠᠷᠤᠭ᠎ᠠ ᠪᠠᠷ ᠰᠣᠩᠭᠣᠭᠳᠠᠭᠰᠠᠨ ᠳᠤ ᠨᠢ ᠭ∙ᠽᠠᠨᠳᠠᠨᠰᠢᠲᠠᠷ᠎ᠠ ᠳᠤ ᠪᠠᠶᠠᠷ ᠬᠦᠷᠭᠡᠯᠡᠭᠡ᠃ ᠲᠡᠷᠡ ᠪᠡᠷ᠄ ᠬᠣᠶᠠᠷ ᠣᠷᠣᠨ ᠤ ᠬᠠᠮᠲᠤ ᠶᠢᠨ ᠠᠵᠢᠯᠯᠠᠭ᠎ᠠ ᠪᠦᠬᠦᠢ ᠯᠠ ᠰᠠᠯᠪᠤᠷᠢ ᠳᠤ ᠬᠤᠷᠳᠤᠴᠠ ᠲᠠᠢ ᠬᠥᠭᠵᠢᠵᠦ᠂ ᠤᠯᠤᠰ ᠲᠥᠷᠥ ᠶᠢᠨ ᠢᠲᠡᠭᠡᠯᠴᠡᠯ ᠭᠦᠨᠵᠡᠭᠡᠶᠢᠷᠡᠵᠦ᠂ ᠬᠦᠮᠦᠯᠢᠭ ᠦᠨ ᠰᠣᠯᠢᠯᠴᠠᠭ᠎ᠠ ᠰᠢᠨ᠎ᠡ ᠲᠦᠪᠰᠢᠨ ᠳᠦ ᠬᠦᠷᠦᠭᠰᠡᠨ ᠦ ᠭᠠᠳᠠᠨ᠎ᠠ ᠬᠣᠶᠠᠷ ᠣᠷᠣᠨ ᠣᠯᠠᠨ ᠤᠯᠤᠰ᠂ ᠪᠥᠰᠡ ᠨᠤᠲᠤᠭ ᠤᠨ ᠬᠠᠮᠲᠤ ᠶᠢᠨ ᠠᠵᠢᠯᠯᠠᠭᠠᠨ ᠳᠤ ᠴᠤ ᠬᠠᠮᠲᠤᠷᠠᠨ ᠢᠳᠡᠪᠬᠢᠲᠡᠢ ᠣᠷᠣᠯᠴᠠᠭᠰᠠᠭᠠᠷ ᠪᠠᠶᠢᠨ᠎ᠠ᠃ ᠡᠨᠡ ᠣᠨ ᠳᠤ ᠮᠠᠨ ᠤ ᠬᠣᠶᠠᠷ ᠣᠷᠣᠨ ᠤ ᠬᠣᠭᠣᠷᠣᠨᠳᠣ ᠳ᠋ᠢᠫᠯᠣᠮᠠᠲ ᠬᠠᠷᠢᠯᠴᠠᠭ᠎ᠠ ᠲᠣᠭᠲᠠᠭᠠᠭᠰᠠᠨ ᠤ 70 ᠵᠢᠯ ᠦᠨ ᠣᠢ ᠪᠣᠯᠤᠨ᠎ᠠ᠃ ᠡᠨᠡᠬᠦ ᠣᠢ ᠨᠢ ᠤᠯᠠᠮᠵᠢᠯᠠᠯᠲᠤ ᠬᠠᠷᠢᠯᠴᠠᠭ᠎ᠠ ᠪᠠᠨ ᠰᠢᠨ᠎ᠡ ᠱᠠᠲᠤᠨ ᠳᠤ ᠭᠠᠷᠭᠠᠬᠤ ᠳᠤ ᠴᠢᠬᠤᠯᠠ ᠠᠴᠢ ᠬᠣᠯᠪᠣᠭᠳᠠᠯ ᠲᠠᠢ ᠶᠤᠮ ᠭᠡᠪᠡ᠃
ᠤᠯᠤᠰ ᠤᠨ ᠶᠡᠬᠡ ᠬᠤᠷᠠᠯ ᠤᠨ ᠳᠠᠷᠤᠭ᠎ᠠ ᠭ∙ᠽᠠᠨᠳᠠᠨᠰᠢᠲᠠᠷ᠎ᠠ ᠡᠯᠴᠢᠨ ᠰᠠᠶᠢᠳ ᠰᠢᠩ ᠬᠠᠢ ᠮᠢᠩ ᠨᠠᠷ ᠰᠠᠶ᠋ᠢᠬᠠᠨ ᠬᠣᠶᠠᠷ ᠲᠠᠯ᠎ᠠ ᠶᠢᠨ ᠬᠦᠮᠦᠯᠢᠭ ᠦᠨ ᠰᠣᠯᠢᠯᠴᠠᠭᠠᠨ ᠤ ᠮᠧᠬᠠᠨᠢᠰᠮ ᠤᠨ ᠬᠠᠮᠲᠤᠷᠠᠭᠰᠠᠨ ᠵᠥᠪᠯᠡᠯ ᠦᠨ  ᠬᠤᠶᠠᠳᠤᠭᠠᠷ ᠬᠤᠷᠠᠯᠳᠤᠭᠠᠨ᠂ ᠭᠠᠳᠠᠭᠠᠳᠤ ᠬᠠᠷᠢᠯᠴᠠᠭᠠᠨ ᠤ ᠶᠠᠮᠤᠳ ᠤᠨ ᠰᠲᠷᠠᠲ᠋ᠧᠭᠢ ᠶᠢᠨ ᠶᠠᠷᠢᠶ᠎ᠠ ᠬᠡᠯᠡᠯᠴᠡᠭᠡᠨ ᠦ ᠠᠭᠤᠯᠵᠠᠯᠲᠠ ᠪᠡᠭᠡᠵᠢᠩ ᠬᠤᠲᠠ ᠳᠤ ᠠᠮᠵᠢᠯᠲᠠ ᠲᠠᠢ ᠪᠣᠯᠵᠤ᠂ ᠬᠠᠮᠲᠤ ᠶᠢᠨ ᠠᠵᠢᠯᠯᠠᠭᠠᠨ ᠤ ᠣᠯᠠᠨ ᠴᠢᠬᠤᠯᠠ ᠠᠰᠠᠭᠤᠳᠠᠯ ᠢᠶᠠᠷ ᠰᠠᠨᠠᠯ ᠨᠢᠭᠡᠳᠦᠭᠰᠡᠨ ᠳᠦ ᠲᠠᠭᠠᠲᠠᠢ ᠪᠠᠶᠢᠭ᠎ᠠ ᠪᠠᠨ ᠲᠡᠮᠳᠡᠭᠯᠡᠵᠦ᠂ ᠮᠣᠩᠭᠣᠯ ᠤᠯᠤᠰ ᠤᠨ ᠶᠡᠷᠦᠩᠬᠡᠶᠢᠯᠡᠭᠴᠢ ᠬ∙ᠪᠠᠲᠤᠲᠤᠯᠭ᠎ᠠ ᠶᠢᠨ ᠪᠦᠭᠦᠳᠡ ᠨᠠᠶᠢᠷᠠᠮᠳᠠᠬᠤ ᠬᠢᠲᠠᠳ ᠠᠷᠠᠳ ᠤᠯᠤᠰ ᠲᠤ ᠬᠢᠬᠦ ᠲᠥᠷᠥ ᠶᠢᠨ ᠠᠶᠢᠯᠴᠢᠯᠠᠯ ᠬᠣᠶᠠᠷ ᠲᠠᠯ᠎ᠠ ᠶᠢᠨ ᠬᠠᠷᠢᠯᠴᠠᠨ ᠢᠲᠡᠭᠡᠯᠴᠡᠯ ᠢ ᠪᠡᠬᠢᠵᠢᠭᠦᠯᠬᠦ᠂ ᠬᠠᠮᠲᠤ ᠶᠢᠨ ᠠᠵᠢᠯᠯᠠᠭ᠎ᠠ ᠶᠢ ᠰᠢᠨ᠎ᠡ ᠠᠭᠤᠯᠭ᠎ᠠ ᠬᠡᠯᠪᠡᠷᠢ ᠪᠡᠷ ᠤᠷᠤᠭᠰᠢᠯᠠᠭᠤᠯᠤᠨ ᠬᠥᠭᠵᠢᠭᠦᠯᠬᠦ ᠳᠦ ᠴᠢᠬᠤᠯᠠ ᠬᠤᠪᠢ ᠨᠡᠮᠡᠷᠢ ᠣᠷᠣᠭᠤᠯᠤᠨ᠎ᠠ ᠭᠡᠳᠡᠭ ᠲᠦ ᠪᠦᠷᠢᠨ ᠢᠲᠡᠭᠡᠯᠲᠡᠢ ᠪᠠᠶᠢᠭ᠎ᠠ ᠪᠠᠨ ᠢᠯᠡᠷᠬᠡᠶᠢᠯᠡᠪᠡ᠃ ᠲᠡᠭᠦᠨᠴᠢᠯᠡᠨ ᠬᠠᠤᠯᠢ ᠲᠣᠭᠲᠠᠭᠠᠬᠤ ᠪᠠᠶᠢᠭᠤᠯᠤᠯᠭ᠎ᠠ ᠨᠤᠭᠤᠳ ᠤᠨ ᠬᠠᠮᠲᠤ ᠶᠢᠨ ᠠᠵᠢᠯᠯᠠᠭ᠎ᠠ ᠠᠮᠵᠢᠯᠲᠠᠲᠠᠢ ᠬᠥᠭᠵᠢᠵᠦ᠂ ᠬᠣᠶᠠᠷ ᠣᠷᠣᠨ ᠤ ᠫᠠᠷᠯᠠᠮᠧᠨᠲ ᠤᠨ ᠳᠡᠳ᠋ ᠳᠠᠷᠤᠭ᠎ᠠ ᠨᠠᠷ ᠤᠨ ᠠᠬᠠᠯᠠᠭᠰᠠᠨ ᠪᠠᠶᠢᠩᠭᠤ ᠶᠢᠨ ᠠᠭᠤᠯᠵᠠᠯᠲᠠ ᠶᠢᠨ ᠮᠧᠬᠠᠨᠢᠰᠮ ᠲᠣᠭᠲᠠᠮᠠᠯᠵᠢᠵᠤ᠂ ᠫᠠᠷᠯᠠᠮᠧᠨᠲ ᠳᠠᠬᠢ ᠪᠦᠯᠦᠭ ᠦᠳ ᠦᠨ ᠬᠠᠷᠢᠯᠴᠠᠭ᠎ᠠ ᠢᠳᠡᠪᠬᠢᠵᠢᠵᠦ ᠪᠠᠶᠢᠭ᠎ᠠ ᠶᠢ ᠰᠠᠶᠢᠰᠢᠶᠠᠪᠠ᠃
ᠤᠯᠤᠰ ᠤᠨ ᠶᠡᠬᠡ ᠬᠤᠷᠠᠯ ᠤᠨ ᠳᠠᠷᠤᠭ᠎ᠠ ᠭ∙ᠽᠠᠨᠳᠠᠨᠰᠢᠲᠠᠷ᠎ᠠ ᠪᠦᠬᠦ ᠬᠢᠲᠠᠳ ᠤᠨ ᠠᠷᠠᠳ ᠤᠨ  ᠲᠥᠯᠥᠭᠡᠯᠡᠭᠴᠢᠳ ᠦᠨ ᠶᠡᠬᠡ ᠬᠤᠷᠠᠯ ᠤᠨ ᠪᠠᠶᠢᠩᠭᠤ ᠶᠢᠨ ᠬᠣᠷᠢᠶᠠᠨ ᠤ ᠳᠠᠷᠤᠭ᠎ᠠ ᠯᠢ ᠵᠠᠨ ᠱᠤ᠋ ᠳᠤ ᠮᠢᠨᠦ ᠮᠡᠨᠳᠦ ᠶᠢ ᠤᠯᠠᠮᠵᠢᠯᠠᠵᠤ ᠥᠭᠭᠦᠨ᠎ᠡ ᠦᠦ ᠭᠡᠵᠦ ᠡᠯᠴᠢᠨ ᠰᠠᠶᠢᠳ ᠡᠴᠡ ᠬᠦᠰᠡᠪᠡ᠃ ᠲᠡᠭᠦᠨᠴᠢᠯᠡᠨ ᠨᠣᠶᠠᠨ ᠯᠢ ᠵᠠᠨ ᠱᠤ᠋ ᠶᠢ ᠮᠣᠩᠭᠣᠯ ᠤᠯᠤᠰ ᠲᠤ ᠠᠶᠢᠯᠴᠢᠯᠠᠬᠤ ᠶᠢ ᠤᠷᠢᠭᠰᠠᠨ ᠤᠷᠢᠯᠭ᠎ᠠ ᠶᠢ ᠳᠠᠬᠢᠨ ᠨᠣᠲᠠᠯᠠᠵᠤ ᠪᠠᠶᠢᠭ᠎ᠠ ᠪᠠᠨ ᠲᠡᠮᠳᠡᠭᠯᠡᠭᠡᠳ᠂ ᠪᠣᠯᠤᠮᠵᠢ ᠲᠠᠢ ᠪᠣᠯ ᠡᠨᠡ ᠣᠨ ᠤ ᠡᠬᠢᠨ ᠦ ᠬᠠᠭᠠᠰ ᠵᠢᠯ ᠳᠦ ᠪᠠᠭᠲᠠᠭᠠᠨ ᠠᠶᠢᠯᠴᠢᠯᠠᠨ᠎ᠠ ᠤᠤ ᠬᠡᠮᠡᠨ ᠤᠷᠢᠵᠤ ᠪᠠᠶᠢᠭ᠎ᠠ ᠶᠢ ᠮᠢᠨᠢ ᠳᠠᠮᠵᠢᠭᠤᠯᠵᠤ ᠥᠭᠭᠦᠨ᠎ᠡ ᠦᠦ ᠭᠡᠯ᠎ᠡ᠃

ᠰᠡᠳᠬᠢᠭᠳᠡᠯ ᠦᠯᠡᠳᠡᠭᠡᠬᠦ