ᠺᠠᠨᠠᠳᠠ ᠶᠢᠨ ᠬᠠᠶᠢᠭᠤᠯᠴᠢ᠂ ᠣᠯᠪᠤᠷᠢᠯᠠᠭᠴᠢᠳ ᠤᠨ ᠬᠣᠯᠪᠣᠭ᠎ᠠ ︵PDAC︶ ᠡᠴᠡ ᠵᠣᠬᠢᠶᠠᠨ ᠪᠠᠶᠢᠭᠤᠯᠳᠠᠭ ᠣᠯᠠᠨ ᠤᠯᠤᠰ ᠤᠨ ᠠᠭᠤᠯᠠ ᠠᠭᠤᠷᠬᠠᠢ ᠴᠢᠭᠤᠯᠭ᠎ᠠ ᠠᠭᠤᠯᠵᠠᠯᠲᠠ ᠺᠠᠨᠠᠳᠠ ᠶᠢᠨ ᠲᠤᠷᠤᠨᠲ᠋ᠤ᠋ ᠳᠤ ᠥᠨᠥᠳᠥᠷ ᠡᠬᠢᠯᠡᠯ᠎ᠡ᠃ 87 ᠳ᠋ᠡᠬᠢ ᠵᠢᠯ ᠳᠦ ᠪᠡᠨ ᠵᠣᠬᠢᠶᠠᠨ ᠪᠠᠶᠢᠭᠤᠯᠵᠤ ᠪᠠᠶᠢᠭ᠎ᠠ ᠤᠭ ᠠᠭᠤᠯᠵᠠᠯᠲᠠ᠂ ᠦᠵᠡᠰᠬᠦᠯᠡᠩ ᠳᠦ ᠠᠰᠢᠭᠲᠤ ᠮᠠᠯᠲᠠᠮᠠᠯ ᠤᠨ ᠬᠠᠶᠢᠭᠤᠯ᠂ ᠰᠠᠩᠬᠦᠦ᠂ ᠬᠥᠷᠥᠩᠭᠡ ᠣᠷᠣᠭᠤᠯᠤᠯᠲᠠ ᠶᠢᠨ ᠴᠢᠭᠯᠡᠯ ᠢᠶᠡᠷ ᠦᠢᠯᠡ ᠠᠵᠢᠯᠯᠠᠭ᠎ᠠ ᠶᠠᠪᠤᠭᠤᠯᠳᠠᠭ ᠺᠣᠮᠫᠠᠨᠢ᠂ ᠠᠵᠤ ᠠᠬᠤᠢ ᠶᠢᠨ ᠨᠢᠭᠡᠴᠡ ᠨᠦᠭᠦᠳ ᠦᠨ ᠣᠷᠣᠯᠴᠠᠳᠠᠭ᠂ ᠡᠨᠡ ᠰᠠᠯᠪᠤᠷᠢ ᠶᠢᠨ ᠬᠢᠨ ᠤ ᠬᠠᠮᠤᠭ ᠤᠨ ᠲᠣᠮᠣ ᠠᠷᠭ᠎ᠠ ᠬᠡᠮᠵᠢᠶ᠎ᠡ ᠶᠤᠮ᠃ ᠮᠣᠩᠭᠣᠯ ᠤᠯᠤᠰ 2006 ᠣᠨ ᠠᠴᠠ ᠤᠭ ᠠᠷᠭ᠎ᠠ ᠬᠡᠮᠵᠢᠶᠡᠨ ᠳᠦ ᠣᠷᠣᠯᠴᠠᠵᠤ ᠢᠷᠡᠭᠰᠡᠨ ᠪᠥᠭᠡᠳ ᠡᠨᠡ ᠵᠢᠯ ᠳ∙ᠰᠤᠮᠢᠶᠠᠪᠠᠽᠠᠷ ᠲᠡᠷᠢᠭᠦᠲᠡᠢ ᠡᠷᠳᠡᠨᠢᠰ ᠮᠣᠩᠭᠣᠯ ᠺᠤᠮᠫᠠᠨᠢ᠂ ᠡᠷᠳᠡᠨᠢᠰ ᠲᠠᠪᠤᠨᠲᠣᠯᠣᠭᠠᠢ ᠺᠤᠮᠫᠠᠨᠢ ᠶᠢᠨ ᠪᠦᠷᠢᠯᠳᠦᠬᠦᠨ ᠲᠡᠢ ᠲᠥᠯᠥᠭᠡᠯᠡᠭᠴᠢᠳ ᠣᠷᠣᠯᠴᠠᠵᠤ ᠪᠠᠶᠢᠨ᠎ᠠ᠃
PDAC-2019 ᠴᠢᠭᠤᠯᠭ᠎ᠠ ᠠᠭᠤᠯᠵᠠᠯᠲᠠ ᠶᠢᠨ ᠡᠬᠢᠨ ᠦ ᠡᠳᠦᠷ ᠮᠣᠩᠭᠣᠯ ᠤᠯᠤᠰ ᠢᠶᠠᠨ ᠰᠤᠷᠲᠠᠯᠴᠢᠯᠠᠭᠰᠠᠨ Mongolia@PDAC2019 ᠠᠷᠭ᠎ᠠ ᠬᠡᠮᠵᠢᠶ᠎ᠡ ᠶᠢ ᠠᠮᠵᠢᠯᠲᠠᠲᠠᠢ ᠵᠣᠬᠢᠶᠠᠨ ᠪᠠᠶᠢᠭᠤᠯᠤᠯ᠎ᠠ᠃ ᠠᠷᠭ᠎ᠠ ᠬᠡᠮᠵᠢᠶᠡᠨ ᠦ ᠨᠡᠭᠡᠭᠡᠯᠲᠡ ᠳᠦ ᠮᠣᠩᠭᠣᠯ ᠤᠯᠤᠰ ᠠᠴᠠ ᠺᠠᠨᠠᠳᠠ ᠤᠯᠤᠰ ᠲᠤ ᠰᠠᠭᠤᠭ᠎ᠠ ᠣᠨᠴᠠ ᠪᠥᠭᠡᠳ ᠪᠦᠷᠢᠨ ᠡᠷᠬᠡᠲᠦ ᠡᠯᠴᠢᠨ ᠰᠠᠶᠢᠳ ᠶᠠ᠊∙ᠠᠷᠢᠭᠤᠨᠪᠤᠯᠤᠳ᠂ ᠺᠠᠨᠠᠳᠠ ᠤᠯᠤᠰ ᠠᠴᠠ ᠮᠣᠩᠭᠣᠯ ᠤᠯᠤᠰ ᠲᠤ ᠰᠠᠭᠤᠭ᠎ᠠ ᠣᠨᠴᠠ ᠪᠥᠭᠡᠳ ᠪᠦᠷᠢᠨ ᠡᠷᠬᠡᠲᠦ ᠡᠯᠴᠢᠨ ᠰᠠᠶᠢᠳ ᠳ᠋ᠸᠸᠢᠳ᠋ ᠰᠫᠷᠤᠯ᠂ ᠤᠯᠤᠰ ᠤᠨ ᠶᠡᠬᠡ ᠬᠤᠷᠠᠯ ᠦᠨ ᠭᠡᠰᠢᠭᠦᠨ ᠠ᠊∙ᠤᠨᠳᠤᠷᠤᠭ᠎ᠠ ᠨᠠᠷ ᠦᠭᠡ ᠬᠡᠯᠡᠵᠦ᠂ ᠳ∙ᠰᠤᠮᠢᠶᠠᠪᠠᠽᠠᠷ ︽ᠮᠣᠩᠭᠣᠯ ᠤᠯᠤᠰ ᠤᠨ ᠠᠭᠤᠯᠠ ᠠᠭᠤᠷᠬᠠᠢ ᠶᠢᠨ ᠰᠠᠯᠪᠤᠷᠢ ᠶᠢᠨ ᠪᠣᠳᠣᠯᠭ᠎ᠠ᠂ ᠬᠥᠭᠵᠢᠯ︾ ᠰᠡᠳᠦᠪᠲᠦ ᠢᠯᠡᠳᠬᠡᠯ ᠲᠠᠯᠪᠢᠪᠠ᠃ ᠮᠥᠨ ᠠᠷᠭ᠎ᠠ ᠬᠡᠮᠵᠢᠶᠡᠨ ᠦ ᠦᠶ᠎ᠡ ᠪᠡᠷ ︽ᠬᠥᠭᠵᠢᠯ ᠦᠨ ᠬᠤᠷᠳᠤᠰᠬᠠᠭᠤᠷ ᠲᠣᠮᠣᠬᠠᠨ ᠲᠥᠰᠥᠯ ᠦᠳ︾᠂ ︽ᠠᠭᠤᠯᠠ ᠠᠭᠤᠷᠬᠠᠢ ᠶᠢᠨ ᠬᠥᠭᠵᠢᠯ᠂ ᠬᠥᠷᠥᠩᠭᠡ ᠣᠷᠣᠭᠤᠯᠤᠯᠲᠠ ᠶᠢᠨ ᠦᠭᠭᠦᠭᠡᠵᠢ︾ ᠰᠡᠳᠦᠪ ᠢᠶᠡᠷ ᠰᠠᠯᠪᠤᠷᠢ ᠬᠤᠷᠠᠯᠳᠤᠭᠠᠨ ᠨᠤᠭᠤᠳ ᠵᠣᠬᠢᠶᠠᠨ ᠪᠠᠶᠢᠭᠤᠯᠵᠤ᠂ ᠬᠥᠷᠥᠩᠭᠡ ᠣᠷᠣᠭᠤᠯᠤᠯᠲᠠ ᠶᠢᠨ ᠣᠷᠴᠢᠨ ᠤ ᠥᠷᠢᠰᠥᠯᠳᠥᠬᠦ ᠴᠢᠳᠠᠪᠤᠷᠢ ᠰᠡᠳᠦᠪ ᠢᠶᠡᠷ ᠬᠡᠯᠡᠯᠴᠡᠭᠦᠯᠭᠡ ᠥᠷᠨᠢᠭᠦᠯᠦᠭᠰᠡᠨ ᠶᠤᠮ ᠃