ᠮᠣᠩᠭᠣᠯ ᠤᠯᠤᠰ ᠤᠨ ᠰᠢᠳᠠᠷ ᠰᠠᠶᠢᠳ ᠥ᠊∙ᠡᠩᠬᠡᠲᠦ᠋ᠪᠰᠢᠨ ᠨᠡᠶᠢᠰᠯᠡᠯ ᠦᠨ 23 ᠳ᠋ᠤᠭᠠᠷ ᠰᠤᠷᠭᠠᠭᠤᠯᠢ ᠶᠢᠨ ︽ᠬᠣᠣᠰ ᠤᠶᠠᠩᠭ᠎ᠠ︾ ᠮᠣᠩᠭᠣᠯ ᠪᠢᠴᠢᠭ ᠦᠨ ᠳᠤᠭᠤᠶᠢᠯᠠᠩ ᠤᠨ ᠪᠠᠭᠰᠢ ᠨ∙ᠵᠣᠯᠵᠢᠷᠭᠠᠯ᠂ ᠲᠤᠰ ᠰᠤᠷᠭᠠᠭᠤᠯᠢ ᠶᠢᠨ 12A ᠠᠩᠬᠢ ᠶᠢᠨ ᠰᠤᠷᠤᠭᠴᠢ ᠽ∙ᠮᠢᠰᠢᠶᠡᠯ᠂ 10B ᠠᠩᠬᠢ ᠶᠢᠨ ᠰᠤᠷᠤᠭᠴᠢ ᠭ ∙ ᠡᠷᠳᠡᠨᠢᠴᠢᠮᠡᠭ ᠨᠠᠷ ᠢ ᠬᠦᠯᠢᠶᠡᠨ ᠠᠪᠴᠤ ᠠᠭᠤᠯᠵᠠᠪᠠ᠃ ᠽ∙ᠮᠢᠰᠢᠶᠡᠯ᠂ ᠭ∙ᠡᠷᠳᠡᠨᠢᠴᠢᠮᠡᠭ ᠨᠠᠷ ᠰᠢᠳᠠᠷ ᠰᠠᠶᠢᠳ ᠲᠤ ᠮᠣᠩᠭᠣᠯ ᠪᠢᠴᠢᠭ ᠢ ᠲᠥᠷᠥ ᠶᠢᠨ ᠠᠯᠪᠠᠨ ᠶᠣᠰᠣᠨ ᠤ ᠪᠢᠴᠢᠭ ᠪᠣᠯᠭᠠᠬᠤ᠂ ᠮᠣᠩᠭᠣᠯ ᠪᠢᠴᠢᠭ ᠦᠨ ᠬᠡᠷᠡᠭᠯᠡᠭᠡ ᠶᠢ ᠨᠡᠮᠡᠬᠦ᠂ ᠴᠠᠬᠢᠮ ᠤᠷᠴᠢᠨ ᠳᠤ ᠮᠣᠩᠭᠣᠯ ᠪᠢᠴᠢᠭ ᠦᠨ ᠬᠡᠷᠡᠭᠯᠡᠭᠡ ᠶᠢ ᠪᠤᠢ ᠪᠣᠯᠭᠠᠬᠤ ᠵᠡᠷᠭᠡ ᠠᠰᠠᠭᠤᠳᠠᠯ ᠢ ᠬᠥᠨᠳᠡᠭᠰᠡᠨ ᠵᠠᠬᠢᠳᠠᠯ ᠪᠢᠴᠢᠭᠰᠡᠨ ᠤᠴᠢᠷ ᠡᠶᠢᠨ ᠬᠦ ᠬᠦᠯᠢᠶᠡᠨ ᠠᠪᠴᠠᠢ᠃ ᠨᠡᠶᠢᠰᠯᠡᠯ ᠦᠨ 23 ᠳ᠋ᠤᠭᠠᠷ ᠰᠤᠷᠭᠠᠭᠤᠯᠢ ᠶᠢᠨ ᠮᠣᠩᠭᠣᠯ ᠪᠢᠴᠢᠭ ᠦᠨ ᠳᠤᠭᠤᠶᠢᠯᠠᠩ ᠳᠤ 90 ᠭᠠᠷᠤᠢ ᠬᠡᠦᠬᠡᠳ ᠰᠤᠷᠤᠯᠴᠠᠳᠠᠭ ᠪᠥᠭᠡᠳ ᠲᠡᠳᠡ ᠴᠠᠬᠢᠮ ᠤᠷᠴᠢᠨ ᠳᠤ ᠨᠠᠶᠢᠵᠠ ᠨᠠᠷ ᠲᠠᠢ ᠪᠠᠨ ᠮᠣᠩᠭᠣᠯ ᠪᠢᠴᠢᠭ ᠢᠶᠡᠷ ᠬᠠᠷᠢᠯᠴᠠᠵᠤ ᠮᠣᠩᠭᠣᠯ ᠪᠢᠴᠢᠭ ᠦᠨ ᠮᠡᠳᠡᠯᠭᠡ ᠴᠢᠳᠠᠪᠤᠷᠢ ᠪᠠᠨ ᠳᠡᠭᠡᠭᠰᠢᠯᠡᠭᠦᠯᠬᠦ ᠬᠦᠰᠡᠯ ᠲᠡᠢ ᠪᠠᠶᠢᠭ᠎ᠠ ᠪᠠᠨ ᠰᠢᠳᠠᠷ ᠰᠠᠶᠢᠳ ᠲᠤ ᠢᠯᠡᠷᠬᠡᠶᠢᠯᠡᠪᠡ᠃
ᠰᠢᠳᠠᠷ ᠰᠠᠶᠢᠳ ᠥ᠊∙ᠡᠩᠬᠡᠲᠦ᠋ᠪᠰᠢᠨ ᠄ ︽ᠮᠣᠩᠭᠣᠯ ᠬᠡᠯᠡᠨ ᠦ ᠬᠠᠤᠯᠢ︾ ᠶᠢᠨ ᠳᠠᠭᠠᠤ 2025 ᠣᠨ ᠠᠴᠠ ᠡᠬᠢᠯᠡᠨ ᠲᠥᠷᠥ ᠪᠣᠯᠤᠨ ᠣᠷᠣᠨ ᠨᠤᠲᠤᠭ ᠤᠨ ᠤᠳᠤᠷᠢᠳᠬᠤ ᠪᠠᠶᠢᠭᠤᠯᠤᠯᠭ᠎ᠠ ᠠᠯᠪᠠᠨ ᠬᠡᠷᠡᠭ ᠢᠶᠡᠨ ᠺᠢᠷᠢᠯ ᠪᠣᠯᠤᠨ ᠮᠣᠩᠭᠣᠯ ᠪᠢᠴᠢᠭ ᠢᠶᠡᠷ ᠬᠥᠲᠥᠯᠦᠨ ᠶᠠᠪᠤᠭᠤᠯᠬᠤ ᠳᠤ ᠶᠡᠷᠦᠩᠬᠡᠢ ᠪᠣᠯᠪᠠᠰᠤᠷᠠᠯ ᠤᠨ ᠰᠤᠷᠭᠠᠭᠤᠯᠢ ᠨᠤᠭᠤᠳ ᠴᠢᠬᠤᠯᠠ ᠡᠭᠦᠷᠭᠡ ᠲᠡᠢ ᠭᠡᠯᠡ᠃ ᠮᠥᠨ ᠲᠡᠷᠡ ᠪᠡᠷ ᠂ ᠰᠲ᠋ᠠᠨᠳᠠᠷᠲ ᠬᠡᠮᠵᠢᠯ ᠵᠦᠢ ᠶᠢᠨ ᠭᠠᠵᠠᠷ ᠲᠤ ᠴᠠᠬᠢᠮ ᠤᠷᠴᠢᠨ ᠳᠤ ᠤᠷᠤᠭᠤᠯᠬᠤ ᠮᠣᠩᠭᠣᠯ ᠪᠢᠴᠢᠭ ᠦᠨ ᠺᠤᠳ᠋ᠴᠢᠯᠠᠯ ᠤᠨ ᠠᠵᠢᠯ ᠢ ᠡᠷᠴᠢᠮᠵᠢᠭᠦᠯᠬᠦ ᠡᠭᠦᠷᠭᠡ ᠳᠠᠭᠠᠭᠠᠯᠭᠠᠪᠤᠷᠢ ᠥᠭᠴᠦ᠂ ᠮᠣᠩᠭᠣᠯ ᠪᠢᠴᠢᠭ ᠦᠨ ᠺᠤᠳ᠋ᠴᠢᠯᠠᠯ ᠤᠨ ᠰᠲ᠋ᠠᠨᠳᠠᠷᠲ ᠢ ᠪᠣᠯᠪᠠᠰᠤᠷᠠᠭᠤᠯᠬᠤ ᠠᠵᠢᠯ ᠤᠨ ᠬᠡᠰᠡᠭ ᠪᠠᠶᠢᠭᠤᠯᠤᠨ ᠠᠵᠢᠯᠯᠠᠵᠤ ᠪᠠᠶᠢᠭ᠎ᠠ ᠲᠤᠬᠠᠢ ᠲᠠᠨᠢᠯᠴᠠᠭᠤᠯᠪᠠ᠃
ᠮᠣᠩᠭᠤᠯ ᠪᠢᠴᠢᠭ 2019-03-06 66.181.186.78
ᠰᠠᠢᠢᠨ ᠬᠡᠦᠬᠡᠳ ᠤᠨ ᠪᠠᠢᠢᠨ᠎ᠠ ᠰᠢᠦ