ᠤᠪᠰᠤ ᠠᠶᠢᠮᠠᠭ ᠲᠤ 44 ᠮᠢᠩᠭ᠎ᠠ ᠭᠠᠷᠤᠢ ᠲᠣᠯᠣᠭᠠᠢ ᠮᠠᠯ ᠬᠣᠷᠣᠭᠳᠠᠵᠠᠢ | News.MN

ᠤᠪᠰᠤ ᠠᠶᠢᠮᠠᠭ ᠲᠤ 44 ᠮᠢᠩᠭ᠎ᠠ ᠭᠠᠷᠤᠢ ᠲᠣᠯᠣᠭᠠᠢ ᠮᠠᠯ ᠬᠣᠷᠣᠭᠳᠠᠵᠠᠢ

ᠤᠪᠰᠤ ᠠᠶᠢᠮᠠᠭ ᠤᠨ ᠬᠡᠮᠵᠢᠶᠡᠨ ᠳᠦ ᠡᠨᠡ ᠰᠠᠷ᠎ᠠ ᠶᠢᠨ 4 ᠍ ᠦ ᠪᠠᠶᠢᠳᠠᠯ ᠢᠶᠠᠷ 44 ᠮᠢᠩᠭ᠎ᠠ ᠭᠠᠷᠤᠢ ᠲᠣᠯᠣᠭᠠᠢ ᠮᠠᠯ ᠬᠣᠷᠣᠭᠳᠠᠭᠠᠳ ᠪᠠᠶᠢᠨ᠎ᠠ᠃ ᠲᠤᠰ ᠠᠶᠢᠮᠠᠭ ᠤᠨ ᠪᠠᠷᠠᠭᠤᠨ ᠲᠠᠯ᠎ᠠ ᠶᠢᠨ ᠰᠤᠮᠤᠳ ᠲᠤ ᠬᠠᠪᠤᠷᠵᠢᠯᠲᠠ ᠬᠦᠨᠳᠦᠷᠡᠭᠰᠡᠨ ᠲᠡᠢ ᠬᠣᠯᠪᠣᠭᠳᠠᠭᠤᠯᠤᠨ ᠤᠯᠤᠰ ᠤᠨ ᠣᠨᠴᠠᠭᠠᠢ ᠺᠣᠮᠢᠰ ᠤᠨ ᠨᠠᠷᠢᠨ ᠪᠢᠴᠢᠭ ᠦᠨ ᠳᠠᠷᠤᠭ᠎ᠠ᠂  ᠬᠤᠷᠠᠩᠳᠠ ᠮ∙ᠡᠩᠬᠡ-ᠠᠮᠤᠷ ᠢᠶᠠᠷ ᠠᠬᠠᠯᠠᠭᠤᠯᠤᠭᠰᠠᠨ ᠰᠢᠭᠤᠷᠬᠠᠢ ᠪᠦᠯᠦᠭ ᠡᠨᠡ ᠰᠠᠷ᠎ᠠ ᠶᠢᠨ 4 ᠍ ᠡᠴᠡ ᠡᠬᠢᠯᠡᠨ  ᠤᠪᠰᠤ ᠠᠶᠢᠮᠠᠭ ᠲᠤ ᠠᠵᠢᠯᠯᠠᠵᠤ ᠪᠠᠶᠢᠨ᠎ᠠ᠃
ᠰᠢᠭᠤᠷᠬᠠᠢ ᠪᠦᠯᠦᠭ᠂ ᠠᠶᠢᠮᠠᠭ ᠤᠨ ᠣᠨᠴᠠᠭᠠᠢ ᠺᠣᠮᠢᠰ ᠤᠨ ᠭᠡᠰᠢᠭᠦᠳ ᠦᠨ ᠬᠠᠮᠲᠤ ᠪᠠᠷ ᠥᠴᠥᠭᠡᠳᠦᠷ ᠬᠠᠪᠤᠷᠵᠢᠯᠲᠠ ᠬᠦᠨᠳᠦᠷᠡᠭᠰᠡᠨ ᠥᠯᠥᠭᠡᠢ᠂ ᠡᠮᠦᠨᠡᠭᠣᠪᠢ᠂ ᠲᠠᠷᠢᠶᠠᠯᠠᠩ ᠰᠤᠮᠤ ᠶᠢᠨ ᠤᠳᠤᠷᠢᠳᠤᠯᠭ᠎ᠠ ᠨᠠᠷ ᠲᠠᠢ ᠠᠭᠤᠯᠵᠠᠵᠤ ᠬᠠᠪᠤᠷᠵᠢᠯᠲᠠ ᠶᠢᠨ ᠲᠠᠯ᠎ᠠ ᠪᠠᠷ ᠮᠡᠳᠡᠭᠡᠯᠡᠯ ᠰᠣᠨᠣᠰᠤᠨ᠂ ᠮᠠᠯᠴᠢᠨ ᠡᠷᠦᠬᠡ ᠨᠦᠭᠦᠳ ᠢᠶᠡᠷ ᠣᠷᠣᠵᠤ᠂ ᠨᠡᠭᠦᠳᠡᠯ ᠦᠨ ᠱᠲ᠋ᠠᠪ ᠤᠨ ᠪᠠᠶᠢᠳᠠᠯ ᠲᠠᠢ ᠲᠠᠨᠢᠯᠴᠠᠨ ᠰᠠᠨᠠᠯ ᠬᠦᠰᠡᠯᠲᠡ ᠶᠢ ᠨᠢ ᠰᠣᠨᠣᠰᠴᠠᠢ᠃ ᠲᠡᠳᠡ ᠤᠯᠤᠰ ᠤᠨ ᠨᠥᠭᠡᠴᠡ ᠶᠢᠨ ᠡᠪᠡᠰᠦ ᠲᠡᠵᠢᠭᠡᠯ ᠢ ᠬᠥᠩᠭᠡᠯᠡᠯᠲᠡ ᠲᠡᠢ ᠦᠨ᠎ᠡ ᠪᠡᠷ  ᠰᠤᠮᠤ  ᠨᠤᠭᠤᠳ ᠲᠤ ᠬᠤᠪᠢᠶᠠᠷᠢᠯᠠᠬᠤ ᠠᠵᠢᠯ ᠢ ᠰᠢᠭᠤᠷᠬᠠᠢ ᠵᠣᠬᠢᠶᠠᠨ ᠪᠠᠶᠢᠭᠤᠯᠬᠤ ᠰᠢᠢᠳᠪᠦᠷᠢ ᠶᠢ ᠭᠠᠷᠭᠠᠵᠠᠢ᠃

ᠰᠡᠳᠬᠢᠭᠳᠡᠯ ᠦᠯᠡᠳᠡᠭᠡᠬᠦ