ᠮᠣᠩᠭᠣᠯ ᠵᠠᠯᠠᠭᠤᠰ ᠢ ᠪᠷᠢᠲ᠋ᠠᠨ ᠳᠤ ᠪᠣᠯᠪᠠᠰᠤᠷᠠᠯ ᠡᠵᠡᠮᠰᠢᠭᠦᠯᠦᠨ᠎ᠡ | News.MN

ᠮᠣᠩᠭᠣᠯ ᠵᠠᠯᠠᠭᠤᠰ ᠢ ᠪᠷᠢᠲ᠋ᠠᠨ ᠳᠤ ᠪᠣᠯᠪᠠᠰᠤᠷᠠᠯ ᠡᠵᠡᠮᠰᠢᠭᠦᠯᠦᠨ᠎ᠡ

ᠮᠣᠩᠭᠣᠯ ᠤᠯᠤᠰ ᠤᠨ ᠶᠡᠷᠦᠩᠬᠡᠢ ᠰᠠᠶᠢᠳ ᠤ᠊∙ᠬᠦᠷᠡᠯᠰᠦ᠋ᠬᠡ ᠶᠡᠬᠡ ᠪᠷᠢᠲ᠋ᠠᠨ ᠤᠮᠠᠷᠠᠳᠤ ᠠᠶᠢᠷᠯᠠᠨᠳ᠋ ᠍ ᠤᠨ ᠨᠢᠭᠡᠳᠦᠭᠰᠡᠨ ᠸᠠᠩᠲᠤ ᠤᠯᠤᠰ ᠤᠨ ᠡᠯᠴᠢᠨ ᠰᠠᠶᠢᠳ ᠹᠢᠯᠢᠫ ᠮᠠᠯᠤᠨ ᠢ ᠥᠨᠥᠳᠥᠷ ᠬᠦᠯᠢᠶᠡᠨ ᠠᠪᠴᠤ ᠠᠭᠤᠯᠵᠠᠯ᠎ᠠ᠃  ᠬᠣᠶᠠᠷ ᠲᠠᠯ᠎ᠠ ᠶᠢᠨ ᠬᠠᠷᠢᠯᠴᠠᠭ᠎ᠠ ᠶᠢ ᠪᠡᠬᠢᠵᠢᠭᠦᠯᠬᠦ ᠳᠦ ᠥᠨᠳᠥᠷ ᠳᠡᠭᠡᠳᠦ ᠲᠦᠪᠰᠢᠨ ᠦ ᠬᠠᠷᠢᠯᠴᠠᠨ ᠠᠶᠢᠯᠴᠢᠯᠠᠯ ᠴᠢᠬᠤᠯᠠ ᠠᠴᠢ ᠬᠣᠯᠪᠣᠭᠳᠠᠯ ᠲᠠᠢ ᠶᠢ ᠶᠡᠷᠦᠩᠬᠡᠢ ᠰᠠᠶᠢᠳ ᠤ᠊∙ᠬᠦᠷᠡᠯᠰᠦ᠋ᠬᠡ ᠠᠭᠤᠯᠵᠠᠯᠲᠠ ᠶᠢᠨ ᠡᠬᠢᠨ ᠳᠦ  ᠲᠡᠮᠳᠡᠭᠯᠡᠯ᠎ᠡ ᠃ ᠬᠣᠶᠠᠷ ᠤᠯᠤᠰ ᠪᠠᠲᠤᠯᠠᠨ ᠬᠠᠮᠠᠭᠠᠯᠠᠬᠤ᠂ ᠠᠭᠤᠯᠠ ᠠᠭᠤᠷᠬᠠᠢ᠂ ᠪᠠᠶᠢᠭᠠᠯᠢ ᠣᠷᠴᠢᠨ᠂ ᠰᠤᠶᠤᠯ ᠪᠣᠯᠪᠠᠰᠤᠷᠠᠯ᠂ ᠬᠠᠷᠢᠯᠴᠠᠭ᠎ᠠ ᠬᠣᠯᠪᠣᠭᠠᠨ ᠤ ᠰᠠᠯᠪᠤᠷᠢ ᠳᠤ  ᠬᠠᠮᠲᠤᠷᠠᠨ ᠠᠵᠢᠯᠯᠠᠵᠤ ᠪᠠᠶᠢᠨ᠎ᠠ᠃ ᠮᠣᠩᠭᠣᠯ ᠤᠨ ᠬᠥᠷᠥᠩᠭᠡ ᠶᠢᠨ ᠪᠢᠷᠵᠢ᠂  ᠯᠤᠨᠳᠤᠨ ᠤ ᠬᠥᠷᠥᠩᠭᠡ ᠶᠢᠨ ᠪᠢᠷᠵᠢ ᠬᠣᠭᠣᠷᠣᠨᠳᠣ ᠬᠠᠮᠲᠤ ᠶᠢᠨ ᠠᠵᠢᠯᠯᠠᠭ᠎ᠠ ᠠᠮᠵᠢᠯᠲᠠᠲᠠᠢ ᠬᠥᠭᠵᠢᠵᠦ ᠪᠠᠶᠢᠭ᠎ᠠ ᠶᠢ ᠶᠡᠷᠦᠩᠬᠡᠢ ᠰᠠᠶᠢᠳ ᠲᠡᠮᠳᠡᠭᠯᠡᠭᠡᠳ ᠬᠣᠶᠠᠷ ᠣᠷᠣᠨ ᠤ ᠬᠤᠳᠠᠯᠳᠤᠭ᠎ᠠ᠂ ᠡᠳ᠋ ᠍ ᠦᠨ ᠵᠠᠰᠠᠭ ᠤᠨ ᠬᠠᠮᠲᠤ ᠶᠢᠨ ᠠᠵᠢᠯᠯᠠᠭ᠎ᠠ ᠶᠢ ᠬᠥᠭᠵᠢᠭᠦᠯᠬᠦ ᠳᠦ ᠪᠷᠢᠲ᠋ᠠᠨ ᠤ ᠶᠡᠷᠦᠩᠬᠡᠢ ᠰᠠᠶᠢᠳ ᠤᠨ ᠲᠣᠮᠢᠯᠠᠭᠰᠠᠨ ᠬᠤᠳᠠᠯᠳᠤᠭᠠᠨ ᠤ ᠡᠯᠴᠢ ᠴᠢᠬᠤᠯᠠ ᠡᠭᠦᠷᠭᠡ ᠭᠦᠢᠴᠡᠳᠭᠡᠨ᠎ᠡ ᠭᠡᠳᠡᠭ ᠲᠦ ᠢᠲᠡᠭᠡᠯ ᠲᠡᠢ ᠪᠠᠶᠢᠨ᠎ᠠ ᠭᠡᠯ᠎ᠡ᠃
ᠲᠤᠰ ᠤᠯᠤᠰ ᠤᠨ ᠵᠠᠰᠠᠭ ᠤᠨ ᠭᠠᠵᠠᠷ ᠤᠨ ᠴᠢᠪᠨᠢᠩ ᠦᠨ ᠲᠡᠳᠬᠦᠯᠭᠡ ᠪᠡᠷ ᠮᠣᠩᠭᠣᠯ  ᠤᠶᠤᠲᠠᠳ ᠢ ᠰᠤᠷᠤᠯᠴᠠᠭᠤᠯᠵᠤ ᠪᠠᠶᠢᠭ᠎ᠠ ᠳᠤ ᠶᠡᠷᠦᠩᠬᠡᠢ ᠰᠠᠶᠢᠳ ᠲᠠᠯᠠᠷᠬᠠᠯ ᠢᠯᠡᠷᠬᠡᠶᠢᠯᠡᠭᠡᠳ ᠴᠢᠨᠠᠭᠰᠢᠳᠠ ᠡᠨᠡ ᠲᠣᠭ᠎ᠠ ᠶᠢ ᠨᠡᠮᠡᠭᠳᠡᠭᠦᠯᠬᠦ ᠬᠦᠰᠡᠯ ᠲᠡᠢ ᠪᠠᠶᠢᠭ᠎ᠠ ᠪᠠᠨ ᠬᠡᠯᠡᠯ᠎ᠡ᠃ ᠬᠣᠶᠠᠷ ᠤᠯᠤᠰ ᠤᠨ ᠬᠠᠷᠢᠯᠴᠠᠭ᠎ᠠ ᠢᠯᠠᠩᠭᠤᠶ᠎ᠠ ᠬᠤᠳᠠᠯᠳᠤᠭ᠎ᠠ᠂ ᠬᠥᠷᠥᠩᠭᠡ ᠣᠷᠣᠭᠤᠯᠤᠯᠲᠠ ᠶᠢᠨ ᠰᠠᠯᠪᠤᠷᠢ ᠳᠤ ᠢᠳᠡᠪᠬᠢᠵᠢᠵᠦ ᠪᠠᠶᠢᠭ᠎ᠠ ᠶᠢ ᠡᠯᠴᠢᠨ ᠰᠠᠶᠢᠳ ᠹᠢᠯᠢᠫ ᠮᠡᠯᠦᠨ ᠲᠡᠮᠳᠡᠭᠯᠡᠭᠡᠳ ᠡᠳᠡᠭᠡᠷ ᠰᠠᠯᠪᠤᠷᠢ ᠳᠤ ᠤᠯᠠᠮ ᠣᠯᠠᠨ ᠪᠣᠯᠤᠮᠵᠢ ᠭᠠᠷᠴᠤ ᠢᠷᠡᠨ᠎ᠡ ᠭᠡᠳᠡᠭ ᠲᠦ ᠢᠲᠡᠭᠡᠯ ᠲᠡᠢ ᠪᠠᠶᠢᠨ᠎ᠠ ᠭᠡᠰᠡᠨ  ᠢ ᠵᠠᠰᠠᠭ ᠤᠨ ᠭᠠᠵᠠᠷ ᠤᠨ ᠬᠡᠪᠯᠡᠯ ᠮᠡᠳᠡᠭᠡᠯᠡᠯ᠂ ᠣᠯᠠᠨ ᠨᠡᠶᠢᠲᠡ ᠲᠡᠢ ᠬᠠᠷᠢᠯᠴᠠᠬᠤ ᠬᠡᠯᠲᠡᠰ ᠡᠴᠡ ᠮᠡᠳᠡᠭᠡᠯᠡᠯ᠎ᠡ᠃

ᠰᠡᠳᠬᠢᠭᠳᠡᠯ ᠦᠯᠡᠳᠡᠭᠡᠬᠦ