ᠶᠡᠷᠦᠩᠬᠡᠢ ᠰᠠᠶᠢᠳ ᠠᠮᠧᠷᠢᠺᠠ ᠶᠢᠨ ᠡᠯᠴᠢᠨ ᠢ ᠬᠦᠯᠢᠶᠡᠨ ᠠᠪᠴᠤ ᠠᠭᠤᠯᠵᠠᠪᠠ | News.MN

ᠶᠡᠷᠦᠩᠬᠡᠢ ᠰᠠᠶᠢᠳ ᠠᠮᠧᠷᠢᠺᠠ ᠶᠢᠨ ᠡᠯᠴᠢᠨ ᠢ ᠬᠦᠯᠢᠶᠡᠨ ᠠᠪᠴᠤ ᠠᠭᠤᠯᠵᠠᠪᠠ

ᠮᠣᠩᠭᠣᠯ ᠤᠯᠤᠰ ᠤᠨ ᠶᠡᠷᠦᠩᠬᠡᠢ ᠰᠠᠶᠢᠳ ᠤ᠊∙ᠬᠦᠷᠡᠯᠰᠦ᠋ᠬᠡ ᠠᠮᠧᠷᠢᠺᠠ  ᠠᠴᠠ ᠮᠣᠩᠭᠣᠯ ᠤᠯᠤᠰ ᠲᠤ ᠰᠠᠭᠤᠬᠤ ᠣᠨᠴᠠ ᠪᠥᠭᠡᠳ ᠪᠦᠷᠢᠨ ᠡᠷᠬᠡᠲᠦ ᠡᠯᠴᠢᠨ ᠰᠠᠶᠢᠳ ᠮᠠᠶᠢᠺᠯ  ᠺᠯᠧᠴᠧᠰᠺᠢ ᠶᠢ ᠬᠦᠯᠢᠶᠡᠨ ᠠᠪᠴᠤ ᠠᠭᠤᠯᠵᠠᠪᠠ᠃ ᠮᠣᠩᠭᠣᠯ ᠤᠯᠤᠰ ᠢ ᠠᠷᠠᠳᠴᠢᠯᠠᠯ᠂ ᠵᠠᠬ᠎ᠠ ᠵᠡᠭᠡᠯᠢ ᠶᠢᠨ ᠬᠠᠷᠢᠯᠴᠠᠭᠠᠨ ᠳᠤ ᠰᠢᠯᠵᠢᠨ ᠣᠷᠣᠭᠰᠠᠨ ᠠᠴᠠ ᠬᠣᠶᠢᠰᠢ ᠪᠦᠬᠦ ᠲᠠᠯ᠎ᠠ ᠪᠠᠷ ᠲᠤᠤᠱᠲᠠᠢ ᠳᠡᠮᠵᠢᠵᠦ ᠢᠷᠡᠭᠰᠡᠨ ᠠᠮᠧᠷᠢᠺᠠ  ᠶᠢ ᠭᠤᠷᠪᠠᠳᠠᠭᠴᠢ ᠬᠥᠷᠰᠢ᠂ ᠣᠶᠢᠷ᠎ᠠ ᠳᠤᠲᠤᠨᠤ ᠶᠢᠨ ᠲᠦᠩᠰᠢ ᠭᠡᠵᠦ ᠦᠵᠡᠳᠡᠭ ᠢ ᠶᠡᠷᠦᠩᠬᠡᠢ ᠰᠠᠶᠢᠳ ᠠᠭᠤᠯᠵᠠᠯᠲᠠ ᠶᠢᠨ ᠡᠬᠢᠨ ᠳᠦ ᠲᠡᠮᠳᠡᠭᠯᠡᠪᠡ᠃ ᠮᠥᠨ ᠴᠠᠭᠠᠰᠢᠳᠠ ᠬᠠᠷᠢᠯᠴᠠᠭ᠎ᠠ᠂ ᠬᠠᠮᠲᠤ ᠶᠢᠨ ᠠᠵᠢᠯᠯᠠᠭ᠎ᠠ  ᠪᠠᠨ ᠤᠯᠠᠮ ᠪᠠᠲᠤᠳᠬᠠᠵᠤ ᠰᠲᠷᠠᠲ᠋ᠧᠭᠢ ᠶᠢᠨ ᠲᠦᠩᠰᠢᠯᠡᠯ ᠦᠨ ᠬᠡᠮᠵᠢᠶᠡᠨ ᠳᠦ ᠬᠦᠷᠭᠡᠬᠦ ᠶᠢᠨ ᠲᠥᠯᠥᠭᠡ ᠪᠠᠶᠢᠭ᠎ᠠ ᠪᠠᠨ ᠳᠤᠷᠠᠳᠤᠯ᠎ᠠ᠃ ᠠᠷᠠᠳᠴᠢᠯᠠᠯ᠂ ᠬᠦᠮᠦᠨ ᠦ ᠡᠷᠬᠡ᠂ ᠡᠷᠬᠡ ᠴᠢᠯᠦᠭᠡ ᠶᠢ ᠡᠷᠬᠢᠮᠯᠡᠨ ᠳᠡᠭᠡᠳᠦᠯᠡᠳᠡᠭ ᠮᠣᠩᠭᠣᠯ ᠤᠯᠤᠰ ᠲᠠᠢ ᠬᠠᠷᠢᠯᠴᠠᠭ᠎ᠠ᠂ ᠬᠠᠮᠲᠤ ᠶᠢᠨ ᠠᠵᠢᠯᠯᠠᠭ᠎ᠠ᠂ ᠲᠡᠷᠡ ᠳᠤᠮᠳᠠ ᠪᠠᠨ ᠡᠳ᠋ ᠍ ᠦᠨ ᠵᠠᠰᠠᠭ ᠤᠨ ᠬᠠᠷᠢᠯᠴᠠᠭ᠎ᠠ ᠶᠢ ᠡᠷᠴᠢᠮᠵᠢᠭᠦᠯᠬᠦ ᠶᠢᠨ ᠲᠥᠯᠥᠭᠡ ᠠᠵᠢᠯᠯᠠᠨ᠎ᠠ ᠭᠡᠳᠡᠭ ᠢᠶᠡᠨ ᠡᠯᠴᠢᠨ ᠰᠠᠶᠢᠳ ᠮᠠᠶᠢᠺᠯ ᠺᠯᠧᠴᠧᠰᠺᠢ ᠢᠯᠡᠷᠬᠡᠶᠢᠯᠡᠪᠡ᠃ ᠲᠡᠭᠦᠨᠴᠢᠯᠡᠨ ᠤᠯᠤᠰ ᠲᠥᠷᠥ᠂ ᠡᠳ᠋ ᠍ ᠦᠨ ᠵᠠᠰᠠᠭ᠂ ᠪᠠᠲᠤᠯᠠᠨ ᠬᠠᠮᠠᠭᠠᠯᠠᠬᠤ᠂ ᠪᠣᠯᠪᠠᠰᠤᠷᠠᠯ᠂ ᠬᠥᠳᠡᠭᠡ ᠠᠵᠤ ᠠᠬᠤᠢ ᠶᠢᠨ ᠰᠠᠯᠪᠤᠷᠢ ᠪᠣᠯᠤᠨ ᠨᠣᠣᠰᠣ ᠨᠤᠯᠤᠤᠷ ᠂ ᠣᠶᠣᠮᠠᠯ ᠰᠦᠯᠵᠢᠮᠡᠯ ᠪᠦᠲᠦᠭᠡᠭᠳᠡᠬᠦᠨ ᠦ ᠡᠺᠰᠫᠣᠷᠲ᠂ ᠢᠷᠭᠡᠳ ᠬᠣᠭᠣᠷᠣᠨᠳᠣ ᠶᠢᠨ ᠬᠠᠷᠢᠯᠴᠠᠭ᠎ᠠ ᠶᠢ ᠥᠷᠭᠡᠵᠢᠭᠦᠯᠦᠨ ᠬᠥᠭᠵᠢᠭᠦᠯᠬᠦ ᠨᠢ ᠵᠦᠢᠲᠡᠢ ᠭᠡᠳᠡᠭ ᠲᠦ ᠲᠠᠯ᠎ᠠ ᠨᠤᠭᠤᠳ ᠰᠠᠨᠠᠯ ᠨᠢᠭᠡᠳᠪᠡ

ᠰᠡᠳᠬᠢᠭᠳᠡᠯ ᠦᠯᠡᠳᠡᠭᠡᠬᠦ