ᠡᠭᠡᠯᠵᠢᠲᠦ ᠪᠤᠰᠤ ᠴᠢᠭᠤᠯᠭᠠᠨ ᠢ 18-29  ᠳᠦ ᠬᠤᠷᠠᠯᠳᠤᠭᠤᠯᠤᠨ᠎ᠠ | News.MN

ᠡᠭᠡᠯᠵᠢᠲᠦ ᠪᠤᠰᠤ ᠴᠢᠭᠤᠯᠭᠠᠨ ᠢ 18-29  ᠳᠦ ᠬᠤᠷᠠᠯᠳᠤᠭᠤᠯᠤᠨ᠎ᠠ

ᠤᠯᠤᠰ ᠤᠨ ᠶᠡᠬᠡ ᠬᠤᠷᠠᠯ ᠤᠨ ᠳᠠᠷᠤᠭ᠎ᠠ ᠶᠢᠨ ᠳᠡᠷᠭᠡᠳᠡᠬᠢ ᠵᠥᠪᠯᠡᠯ ᠥᠨᠥᠳᠥᠷ ᠦᠳᠡ ᠡᠴᠡ ᠡᠮᠦᠨ᠎ᠡ ᠬᠤᠷᠠᠯᠳᠤᠵᠤ᠂ ᠤᠯᠤᠰ ᠤᠨ ᠶᠡᠬᠡ ᠬᠤᠷᠠᠯ ᠤᠨ ᠡᠭᠡᠯᠵᠢᠲᠦ ᠪᠤᠰᠤ ᠴᠢᠭᠤᠯᠭᠠᠨ ᠢ 2019 ᠣᠨ ᠤ ᠭᠤᠷᠪᠠᠳᠤᠭᠠᠷ ᠰᠠᠷ᠎ᠠ ᠶᠢᠨ 18-29 ᠍ ᠳᠦ ᠬᠤᠷᠠᠯᠳᠤᠭᠤᠯᠬᠤ ᠪᠠᠷ ᠲᠣᠭᠲᠠᠯ᠎ᠠ᠃ ᠤᠯᠤᠰ ᠤᠨ ᠶᠡᠬᠡ ᠬᠤᠷᠠᠯ ᠤᠨ ᠡᠭᠡᠯᠵᠢᠲᠦ ᠪᠤᠰᠤ ᠴᠢᠭᠤᠯᠭᠠᠨ ᠤ ᠠᠵᠢᠯᠯᠠᠭ᠎ᠠ ᠶᠢ ᠭᠤᠷᠪᠠᠳᠤᠭᠠᠷ ᠰᠠᠷ᠎ᠠ ᠶᠢᠨ 18 ᠍ ᠤ ᠳᠠᠸᠠ ᠭᠠᠷᠠᠭ ᠤᠨ 10᠄00 ᠴᠠᠭ ᠠᠴᠠ ᠨᠡᠭᠡᠭᠡᠬᠦ ᠪᠡᠷ ᠪᠣᠯᠤᠭᠰᠠᠨ ᠪᠠᠶᠢᠨ᠎ᠠ᠃
ᠮᠥᠨ ᠡᠭᠡᠯᠵᠢᠲᠦ ᠪᠤᠰᠤ ᠴᠢᠭᠤᠯᠭᠠᠨ ᠢᠶᠠᠷ ᠬᠡᠯᠡᠯᠴᠡᠬᠦ ᠠᠰᠠᠭᠤᠳᠠᠯ ᠤᠨ ᠪᠡᠯᠡᠳᠬᠡᠯ ᠢ ᠬᠠᠩᠭᠠᠬᠤ ᠡᠭᠦᠳᠡᠨ ᠡᠴᠡ ᠤᠯᠤᠰ ᠤᠨ ᠶᠡᠬᠡ ᠬᠤᠷᠠᠯ ᠤᠨ ᠲᠥᠰᠥᠪ  ᠪᠣᠯᠤᠨ ᠡᠳ᠋ ᠍ ᠦᠨ ᠵᠠᠰᠠᠭ ᠤᠨ ᠪᠠᠶᠢᠩᠭᠤ ᠶᠢᠨ ᠬᠣᠷᠢᠶᠠᠳ ᠤᠨ ᠬᠤᠷᠠᠯᠳᠤᠭᠠᠨ ᠢ ᠢᠷᠡᠬᠦ ᠳᠣᠯᠣᠭ᠎ᠠ ᠬᠣᠨᠣᠭ ᠲᠤ ᠬᠢᠬᠦ ᠪᠡᠷ ᠰᠢᠢᠳᠪᠦᠷᠢᠯᠡᠵᠡᠢ᠃ ᠤᠯᠤᠰ ᠤᠨ ᠶᠡᠬᠡ ᠬᠤᠷᠠᠯ ᠤᠨ ᠳᠠᠷᠤᠭ᠎ᠠ ᠶᠢᠨ ᠳᠡᠷᠭᠡᠳᠡᠬᠢ ᠵᠥᠪᠯᠡᠯ ᠦᠨ ᠬᠤᠷᠠᠯᠳᠤᠭᠠᠨ ᠤ ᠰᠢᠢᠳᠪᠦᠷᠢ ᠶᠢ ᠦᠨᠳᠦᠰᠦᠯᠡᠨ ᠮᠣᠩᠭᠣᠯ ᠤᠯᠤᠰ ᠤᠨ ᠶᠡᠬᠡ ᠬᠤᠷᠠᠯ ᠤᠨ ᠳᠠᠷᠤᠭ᠎ᠠ ᠭ∙ ᠽᠠᠨᠳᠠᠨᠰᠢᠲᠠᠷ᠎ᠠ ᠤᠯᠤᠰ ᠤᠨ ᠶᠡᠬᠡ ᠬᠤᠷᠠᠯ ᠤᠨ ᠡᠭᠡᠯᠵᠢᠲᠦ ᠪᠤᠰᠤ ᠴᠢᠭᠤᠯᠭᠠᠨ ᠢ ᠵᠠᠷᠯᠠᠨ ᠬᠤᠷᠠᠯᠳᠤᠭᠤᠯᠬᠤ ᠲᠤᠬᠠᠢ ᠵᠠᠬᠢᠷᠤᠮᠵᠢ ᠭᠠᠷᠭᠠᠬᠤ ᠶᠤᠮ᠃

ᠰᠡᠳᠬᠢᠭᠳᠡᠯ ᠦᠯᠡᠳᠡᠭᠡᠬᠦ