ᠮᠣᠩᠭᠣᠯ ᠤᠯᠤᠰ ᠤᠨ ᠶᠡᠬᠡ ᠬᠤᠷᠠᠯ ᠤᠨ ᠳᠠᠷᠤᠭ᠎ᠠ ᠭ∙ᠽᠠᠨᠳᠠᠨᠰᠢᠲᠠᠷ᠎ᠠ 03.05 ᠳᠤ ᠺᠤᠸᠠᠶᠢᠲ ᠤᠯᠤᠰ ᠠᠴᠠ ᠮᠣᠩᠭᠣᠯ ᠤᠯᠤᠰ ᠲᠤ ᠰᠠᠭᠤᠭ᠎ᠠ ᠣᠨᠴᠠ ᠪᠥᠭᠡᠳ ᠪᠦᠷᠢᠨ ᠡᠷᠬᠡᠲᠦ ᠡᠯᠴᠢᠨ ᠰᠠᠶᠢᠳ ᠮᠤᠬᠠᠮᠮᠠᠳ ᠹᠠᠶᠢᠰᠠᠯ ᠠᠯᠢ- ᠮᠤᠲ᠋ᠠᠶᠢᠷᠢ ᠶᠢ ᠬᠦᠯᠢᠶᠡᠨ ᠠᠪᠴᠤ ᠠᠭᠤᠯᠵᠠᠯ᠎ᠠ᠃ ᠠᠭᠤᠯᠵᠠᠯᠲᠠ ᠶᠢᠨ ᠡᠬᠢᠨ ᠳᠦ ᠨᠣᠶᠠᠨ ᠮᠤᠬᠠᠮᠮᠠᠳ ᠹᠠᠶᠢᠰᠠᠯ ᠠᠯᠢ- ᠮᠤᠲ᠋ᠠᠶᠢᠷᠢ ᠺᠤᠸᠠᠶᠢᠲ ᠤᠯᠤᠰ ᠤᠨ ᠦᠨᠳᠦᠰᠦᠨ ᠦ ᠠᠰᠰᠠᠮᠪᠯᠧᠢ ᠶᠢᠨ ᠳᠠᠷᠤᠭ᠎ᠠ ᠶᠢᠨ ᠬᠠᠯᠠᠭᠤᠨ ᠳᠣᠲᠣᠨᠣ ᠮᠡᠨᠳᠦᠴᠢᠯᠡᠭᠡ ᠶᠢ ᠤᠯᠠᠮᠵᠢᠯᠠᠵᠤ᠂ ᠮᠣᠩᠭᠣᠯ ᠤᠯᠤᠰ ᠤᠨ ᠶᠡᠬᠡ ᠬᠤᠷᠠᠯ ᠤᠨ ᠳᠠᠷᠤᠭ᠎ᠠ ᠶᠢᠨ ᠠᠯᠪᠠᠨ ᠳᠤ ᠲᠣᠮᠢᠯᠠᠭᠳᠠᠭᠰᠠᠨ ᠳᠤ ᠨᠢ ᠪᠠᠶᠠᠷ ᠬᠦᠷᠭᠡᠯ᠎ᠡ᠃ ᠲᠡᠷᠡ ᠪᠡᠷ᠂ ᠦᠷᠭᠦᠯᠵᠢᠯᠡᠭᠦᠯᠦᠨ ᠮᠣᠩᠭᠣᠯ ᠤᠯᠤᠰ ᠤᠨ ᠰᠠᠩ ᠤᠨ ᠰᠠᠶᠢᠳ ᠺᠤᠸᠠᠶᠢᠲ ᠤᠯᠤᠰ ᠤᠨ ᠰᠠᠩ ᠤᠨ ᠰᠠᠶᠢᠳ ᠲᠠᠢ ᠥᠨᠥᠳᠥᠷ ᠠᠯᠪᠠᠨ ᠠᠭᠤᠯᠵᠠᠯᠲᠠ ᠬᠢᠵᠦ ᠪᠤᠢ ᠶᠢ ᠳᠤᠭᠤᠯᠭᠠᠵᠤ᠂ ᠡᠨᠡᠬᠦ ᠠᠭᠤᠯᠵᠠᠯᠲᠠ ᠪᠠᠷ ᠬᠣᠶᠠᠷ ᠣᠷᠣᠨ ᠤ ᠬᠠᠮᠲᠤ ᠶᠢᠨ ᠠᠵᠢᠯᠯᠠᠭᠠᠨ ᠳᠤ ᠲᠦᠯᠬᠢᠴᠡ ᠭᠠᠷᠤᠨ᠎ᠠ ᠭᠡᠳᠡᠭ ᠲᠦ ᠢᠲᠡᠭᠡᠯ ᠲᠡᠢ ᠪᠠᠶᠢᠭ᠎ᠠ ᠪᠠᠨ ᠬᠡᠯᠡᠵᠦ ᠪᠠᠶᠢᠪᠠ᠃
ᠤᠯᠤᠰ ᠤᠨ ᠶᠡᠬᠡ ᠬᠤᠷᠠᠯ ᠤᠨ ᠳᠠᠷᠤᠭ᠎ᠠ ᠭ∙ᠽᠠᠨᠳᠠᠨᠰᠢᠲᠠᠷ᠎ᠠ ᠬᠡᠯᠡᠬᠦ ᠳᠦ ᠪᠡᠨ᠂ ᠮᠠᠨ ᠤ ᠬᠣᠶᠠᠷ ᠤᠯᠤᠰ ᠤᠨ ᠤᠯᠤᠰ ᠲᠦᠷᠦ ᠶᠢᠨ ᠬᠠᠷᠢᠯᠴᠠᠭ᠎ᠠ ᠵᠢᠯ ᠢᠷᠡᠬᠦ ᠲᠤᠰᠤᠮ ᠥᠷᠭᠡᠵᠢᠨ ᠲᠡᠯᠡᠭᠰᠡᠭᠡᠷ ᠪᠠᠶᠢᠭ᠎ᠠ᠂ ᠴᠢᠨᠠᠭᠰᠢᠳᠠ ᠬᠣᠶᠠᠷ ᠣᠷᠣᠨ ᠤ ᠬᠠᠷᠢᠯᠴᠠᠭ᠎ᠠ ᠶᠢ ᠪᠡᠬᠢᠵᠢᠭᠦᠯᠵᠦ᠂ ᠡᠳ᠋ ᠍ ᠦᠨ ᠵᠠᠰᠠᠭ᠂ ᠬᠤᠳᠠᠯᠳᠤᠭ᠎ᠠ᠂ ᠰᠤᠶᠤᠯ ᠪᠣᠯᠪᠠᠰᠤᠷᠠᠯ᠂ ᠬᠥᠷᠥᠩᠭᠡ ᠣᠷᠣᠭᠤᠯᠤᠯᠲᠠ ᠶᠢᠨ ᠰᠠᠯᠪᠤᠷᠢ ᠳᠤ ᠬᠠᠮᠲᠤ ᠶᠢᠨ ᠠᠵᠢᠯᠯᠠᠭ᠎ᠠ ᠪᠠᠨ ᠥᠷᠭᠡᠵᠢᠭᠦᠯᠬᠦ ᠳᠦ ᠪᠡᠯᠡᠨ ᠪᠤᠢ ᠪᠠᠨ ᠢᠯᠡᠷᠬᠡᠶᠢᠯᠡᠪᠡ᠃ ᠲᠡᠭᠦᠨᠴᠢᠯᠡᠨ ᠡᠷᠡᠭᠦᠯ ᠮᠡᠨᠳᠦ ᠪᠣᠯᠤᠨ ᠳᠡᠳ᠋ ᠪᠦᠲᠦᠴᠡ ᠶᠢᠨ ᠰᠠᠯᠪᠤᠷᠢ ᠳᠤ 12 ᠰᠠᠶ᠎ᠠ ᠳ᠋ᠣᠯᠯᠠᠷ ᠤᠨ ᠪᠤᠴᠠᠯᠲᠠ ᠦᠭᠡᠢ ᠲᠤᠰᠠᠯᠠᠮᠵᠢ᠂ ᠮᠥᠨ ᠮᠣᠩᠭᠣᠯ ᠺᠤᠸᠠᠶᠢᠲ ᠤᠨ ᠰᠤᠳᠤᠯᠭᠠᠨ ᠤ ᠲᠥᠪ ᠦᠨ ᠪᠠᠷᠢᠯᠭ᠎ᠠ ᠶᠢᠨ ᠰᠠᠩᠬᠦᠦᠵᠢᠯᠲᠡ ᠪᠣᠯᠬᠤ 3.4 ᠰᠠᠶ᠎ᠠ ᠳ᠋ᠣᠯᠯᠠᠷ ᠢ ᠺᠤᠸᠠᠶᠢᠲ ᠤᠨ ᠲᠠᠯ᠎ᠠ ᠭᠠᠷᠭᠠᠬᠤ ᠪᠣᠯᠤᠭᠰᠠᠨ ᠳᠤ ᠲᠠᠯᠠᠷᠬᠠᠯ ᠢᠯᠡᠷᠬᠡᠶᠢᠯᠡᠪᠡ᠃ ᠺᠤᠸᠠᠶᠢᠲ ᠤᠯᠤᠰ ᠤᠨ ᠦᠨᠳᠦᠰᠦᠨ ᠦ ᠠᠰᠰᠠᠮᠪᠯᠧᠢ ᠶᠢᠨ ᠳᠠᠷᠤᠭ᠎ᠠ ᠶᠢ ᠮᠣᠩᠭᠣᠯ ᠤᠯᠤᠰ ᠲᠤ ᠠᠶᠢᠯᠴᠢᠯᠠᠬᠤ ᠤᠷᠢᠯᠭ᠎ᠠ ᠲᠠᠢ ᠪᠠᠶᠢᠭ᠎ᠠ ᠶᠢ ᠳᠠᠬᠢᠨ ᠨᠣᠲᠠᠯᠠᠪᠠ᠃