ᠲᠥᠪ ᠪᠠᠩᠬᠢ ᠳᠡᠭᠡᠷ᠎ᠡ ᠰᠠᠷ᠎ᠠ ᠳᠤ 84.1 ᠺᠢᠯᠦᠭᠷᠡᠮ ᠠᠯᠲᠠ ᠬᠤᠳᠠᠯᠳᠤᠨ ᠠᠪᠴᠠᠢ | News.MN

ᠲᠥᠪ ᠪᠠᠩᠬᠢ ᠳᠡᠭᠡᠷ᠎ᠡ ᠰᠠᠷ᠎ᠠ ᠳᠤ 84.1 ᠺᠢᠯᠦᠭᠷᠡᠮ ᠠᠯᠲᠠ ᠬᠤᠳᠠᠯᠳᠤᠨ ᠠᠪᠴᠠᠢ

ᠲᠥᠪ ᠪᠠᠩᠬᠢ ᠥᠩᠭᠡᠷᠡᠭᠰᠡᠨ ᠰᠠᠷ᠎ᠠ ᠳᠤ 84.1 ᠺᠢᠯᠦᠭᠷᠡᠮ ᠠᠯᠲᠠ ᠬᠤᠳᠠᠯᠳᠤᠨ ᠠᠪᠴᠠᠢ᠃ ᠢᠩᠭᠢᠭᠰᠡᠨ ᠢᠶᠡᠷ ᠬᠤᠳᠠᠯᠳᠤᠨ ᠠᠪᠤᠭᠰᠠᠨ ᠠᠯᠲᠠᠨ ᠤ ᠬᠡᠮᠵᠢᠶ᠎ᠡ ᠡᠮᠦᠨᠡᠬᠢ ᠣᠨ ᠤ ᠮᠥᠨ ᠦᠶ᠎ᠡ ᠡᠴᠡ 354.5 ᠺᠢᠯᠦᠭᠷᠡᠮ ᠪᠠᠭ᠎ᠠ ᠪᠤᠶᠤ 81 ᠬᠤᠪᠢ ᠪᠠᠷ ᠪᠠᠭᠤᠷᠠᠭᠰᠠᠨ ᠦᠵᠡᠭᠦᠯᠦᠯᠲᠡ ᠲᠡᠢ ᠪᠠᠶᠢᠨ᠎ᠠ᠃ ᠮᠥᠨ ᠬᠤᠭᠤᠴᠠᠭᠠᠨ ᠳᠤ ᠲᠥᠪ ᠪᠠᠩᠬᠢᠨ ᠤ ᠳᠠᠷᠬᠠᠨ-ᠠᠭᠤᠯᠠ ᠠᠶᠢᠮᠠᠭ ᠳᠠᠬᠢ ᠬᠡᠯᠲᠡᠰ 9.5 ᠺᠢᠯᠦᠭᠷᠡᠮ ᠠᠯᠲᠠ᠂ ᠪᠠᠶᠠᠨᠬᠣᠩᠭᠣᠷ ᠠᠶᠢᠮᠠᠭ ᠳᠠᠬᠢ ᠰᠠᠯᠪᠤᠷᠢ 2.3 ᠺᠢᠯᠦᠭᠷᠡᠮ ᠠᠯᠲᠠ ᠬᠤᠳᠠᠯᠳᠤᠵᠤ ᠠᠪᠴᠠᠢ᠃
2014 ᠣᠨ ᠤ ᠨᠢᠭᠡᠳᠦᠭᠡᠷ ᠰᠠᠷ᠎ᠠ ᠶᠢᠨ 24 ᠡᠴᠡ ᠡᠨᠡ ᠣᠨ ᠤ ᠨᠢᠭᠡᠳᠦᠭᠡᠷ ᠰᠠᠷ᠎ᠠ ᠶᠢᠨ 1 ᠬᠦᠷᠲᠡᠯ᠎ᠡ ᠠᠰᠢᠭᠲᠤ ᠮᠠᠯᠲᠠᠮᠠᠯ ᠤᠨ ᠨᠥᠭᠡᠴᠡ ᠠᠰᠢᠭᠯᠠᠭᠰᠠᠨ ᠤ ᠲᠥᠯᠥᠪᠦᠷᠢ ᠶᠢᠨ ᠬᠡᠮᠵᠢᠶ᠎ᠡ 2.5 ᠬᠤᠪᠢ ᠪᠠᠶᠢᠭᠰᠠᠨ ᠪᠥᠭᠡᠳ ᠳᠡᠭᠡᠷᠡᠬᠢ ᠬᠤᠭᠤᠴᠠᠭᠠᠨ ᠠᠴᠠ ᠡᠬᠢᠯᠡᠨ ᠠᠰᠢᠭᠲᠤ ᠮᠠᠯᠲᠠᠮᠠᠯ ᠤᠨ ᠨᠥᠭᠡᠴᠡ ᠠᠰᠢᠭᠯᠠᠭᠰᠠᠨ ᠤ ᠲᠥᠯᠥᠪᠦᠷᠢ 5 ᠬᠤᠪᠢ᠂ ᠠᠯᠲᠠᠨ ᠤ ᠵᠠᠬ᠎ᠠ ᠵᠡᠭᠡᠯᠢ ᠶᠢᠨ ᠦᠨ᠎ᠡ ᠶᠢᠨ ᠥᠰᠦᠯᠲᠡ ᠡᠴᠡ ᠬᠠᠮᠢᠶᠠᠷᠴᠦ 0-5  ᠬᠤᠪᠢ ᠶᠢ ᠨᠡᠮᠡᠵᠦ᠂ ᠨᠡᠶᠢᠲᠡ 5-10  ᠬᠤᠪᠢ ᠪᠠᠷ ᠠᠰᠢᠭᠲᠤ ᠮᠠᠯᠲᠠᠮᠠᠯ ᠤᠨ ᠨᠥᠭᠡᠴᠡ ᠠᠰᠢᠭᠯᠠᠭᠰᠠᠨ ᠤ ᠲᠥᠯᠥᠪᠦᠷᠢ ᠶᠢ  ᠨᠤᠭᠳᠠᠭᠤᠯᠬᠤ ᠪᠤᠯᠵᠠᠢ ᠃ ᠲᠡᠭᠦᠨᠴᠢᠯᠡᠨ ᠥᠩᠭᠡᠷᠡᠭᠰᠡᠨ ᠰᠠᠷ᠎ᠠ ᠳᠤ ᠠᠯᠲᠠᠨ ᠤ ᠵᠠᠬ᠎ᠠ ᠵᠡᠭᠡᠯᠢ ᠶᠢᠨ ᠦᠨ᠎ᠡ 1300 ᠳ᠋ᠣᠯᠯᠠᠷ ᠠᠴᠠ ᠳᠡᠭᠡᠭᠰᠢ ᠪᠠᠶᠢᠭᠰᠠᠨ ᠲᠤᠯᠠ ᠠᠰᠢᠭᠲᠤ ᠮᠠᠯᠲᠠᠮᠠᠯ ᠤᠨ ᠨᠥᠭᠡᠴᠡ ᠠᠰᠢᠭᠯᠠᠭᠰᠠᠨ ᠤ ᠲᠥᠯᠥᠪᠦᠷᠢ 10 ᠬᠤᠪᠢ ᠲᠠᠢ ᠪᠠᠶᠢᠭᠰᠠᠨ ᠬᠡᠮᠡᠨ ᠲᠠᠶᠢᠯᠪᠤᠷᠢᠯᠠᠵᠤ ᠪᠤᠢ᠃  ᠡᠨᠡ ᠨᠢ ᠲᠤᠰᠢᠶᠠᠬᠤ ᠠᠯᠲᠠᠨ ᠤ ᠬᠡᠮᠵᠢᠶ᠎ᠡ ᠪᠠᠭᠤᠷᠠᠬᠤ ᠳᠤ ᠨᠦᠯᠦᠭᠡᠯᠡᠭᠰᠡᠨ ᠭᠡᠨ᠎ᠡ ᠃

ᠰᠡᠳᠬᠢᠭᠳᠡᠯ ᠦᠯᠡᠳᠡᠭᠡᠬᠦ