ᠽ∙ᠡᠩᠬᠡᠪᠣᠯᠤᠳ ᠴᠠᠭ ᠦᠶ᠎ᠡ ᠶᠢᠨ ᠠᠰᠠᠭᠤᠳᠠᠯ ᠢᠶᠠᠷ ᠮᠡᠳᠡᠭᠡᠯᠡᠯ ᠥᠭᠪᠡ | News.MN

ᠽ∙ᠡᠩᠬᠡᠪᠣᠯᠤᠳ ᠴᠠᠭ ᠦᠶ᠎ᠡ ᠶᠢᠨ ᠠᠰᠠᠭᠤᠳᠠᠯ ᠢᠶᠠᠷ ᠮᠡᠳᠡᠭᠡᠯᠡᠯ ᠥᠭᠪᠡ

ᠶᠡᠷᠦᠩᠬᠡᠶᠢᠯᠡᠭᠴᠢ ᠶᠢᠨ ᠲᠠᠮᠠᠭ᠎ᠠ ᠶᠢᠨ ᠭᠠᠵᠠᠷ ᠤᠨ ᠳᠠᠷᠤᠭ᠎ᠠ ᠽ∙ᠡᠩᠬᠡᠪᠣᠯᠤᠳ ᠴᠠᠭ ᠦᠶ᠎ᠡ ᠶᠢᠨ ᠠᠰᠠᠭᠤᠳᠠᠯ ᠢᠶᠠᠷ ᠰᠡᠳᠬᠦᠯᠴᠢᠳ ᠦᠨ ᠰᠣᠨᠢᠷᠬᠠᠭᠰᠠᠨ ᠠᠰᠠᠭᠤᠯᠲᠠ ᠳᠤ ᠬᠠᠷᠢᠭᠤᠯᠲᠠ ᠥᠭᠴᠦ ᠪᠠᠶᠢᠨ᠎ᠠ᠃ ᠲᠡᠷᠡᠪᠡᠷ ᠡᠷᠳᠡᠨᠢᠲᠦ ᠦᠢᠯᠡᠳᠪᠦᠷᠢ ᠶᠢᠨ 49 ᠬᠤᠪᠢ ᠲᠠᠢ ᠬᠣᠯᠪᠣᠭᠳᠠᠭᠤᠯᠤᠨ ᠣᠨᠴᠠᠭᠠᠢ ᠳᠢᠭᠯᠢᠮ ᠲᠣᠭᠲᠠᠭᠠᠭᠰᠠᠨ ᠪᠣᠯᠤᠨ ᠲᠡᠮᠦᠷ ᠵᠠᠮ ᠲᠠᠯᠪᠢᠬᠤ ᠪᠠᠷ ᠪᠣᠯᠤᠭᠰᠠᠨ ᠲᠠᠯ᠎ᠠ ᠪᠠᠷ ᠮᠡᠳᠡᠭᠡᠯᠡᠯ ᠥᠭᠴᠦ ᠪᠠᠶᠢᠨ᠎ᠠ᠃ ᠲᠤᠬᠠᠶᠢᠯᠠᠪᠠᠯ᠂ 2019 ᠣᠨ ᠳᠤ ᠰᠠᠶᠢᠨᠱᠠᠩᠳᠠ ᠴᠢᠭᠯᠡᠯ ᠦᠨ ᠲᠡᠮᠦᠷ ᠵᠠᠮ ᠤᠨ ᠪᠦᠲᠦᠭᠡᠨ ᠪᠠᠶᠢᠭᠤᠯᠤᠯᠲᠠ ᠶᠢᠨ ᠠᠵᠢᠯ ᠢ ᠳᠠᠭᠤᠰᠬᠠᠬᠤ᠂ ᠢᠷᠡᠬᠦ ᠵᠢᠯ  ᠭᠠᠰᠢᠭᠤᠨ ᠰᠤᠬᠠᠶᠢᠲᠤ- ᠵᠡᠭᠦᠨᠪᠠᠶᠠᠨ ᠵᠡᠭᠦᠨ ᠴᠢᠭᠯᠡᠯ ᠦᠨ ᠲᠡᠮᠦᠷ ᠵᠠᠮ ᠢ ᠶᠠᠭᠠᠷᠠᠯᠲᠠᠢ ᠪᠠᠷᠢᠵᠤ ᠳᠠᠭᠤᠰᠬᠠᠬᠤ ᠴᠢᠭᠯᠡᠯ ᠢ ᠵᠠᠰᠠᠭ ᠤᠨ ᠭᠠᠵᠠᠷ ᠲᠤ ᠦᠨᠳᠦᠰᠦᠨ ᠦ ᠠᠶᠤᠯᠭᠦᠢ ᠪᠠᠶᠢᠳᠠᠯ ᠤᠨ ᠵᠥᠪᠯᠡᠯ ᠥᠭᠭᠦᠭᠰᠡᠨ ᠪᠠᠶᠢᠨ᠎ᠠ᠃ ᠡᠷᠳᠡᠨᠢᠰ ᠲᠠᠪᠤᠨᠲᠣᠯᠣᠭᠠᠢ ᠺᠤᠮᠫᠠᠨᠢ ᠨᠢᠭᠡ ᠲᠡᠷᠪᠤᠮ ᠳ᠋ᠣᠯᠯᠠᠷ ᠤᠨ ᠪᠣᠷᠣᠯᠠᠭᠤᠯᠤᠯᠲᠠ ᠬᠢᠵᠦ 800 ᠣᠷᠴᠢᠮ ᠲᠡᠷᠪᠤᠮ ᠲᠥᠭᠥᠷᠢᠭ ᠦᠨ ᠴᠡᠪᠡᠷ ᠠᠰᠢᠭ ᠲᠠᠢ ᠠᠵᠢᠯᠯᠠᠭᠰᠠᠨ ᠪᠠᠶᠢᠨ᠎ᠠ᠃ ᠲᠤᠰ 800 ᠣᠷᠴᠢᠮ ᠲᠡᠷᠪᠤᠮ ᠲᠥᠭᠥᠷᠢᠭ ᠡᠴᠡ ᠢᠷᠭᠡᠳ ᠲᠦ ᠣᠨᠣᠭᠳᠠᠬᠤ 15 ᠬᠤᠪᠢ ᠪᠠᠨ ᠬᠠᠰᠤᠭᠠᠳ ᠦᠯᠡᠳᠡᠭᠳᠡᠯ ᠮᠥᠩᠭᠥ ᠪᠡᠷ ᠨᠢ ᠲᠡᠮᠦᠷ ᠵᠠᠮ ᠪᠠᠷᠢᠬᠤ ᠰᠢᠢᠳᠪᠤᠷᠢ ᠳᠤ ᠬᠦᠷᠦᠭᠰᠡᠨ ᠭᠡᠳᠡᠭ ᠢ ᠳᠤᠭᠤᠯᠭᠠᠯ᠎ᠠ᠃ ᠲᠣᠳᠣᠷᠠᠭᠤᠯᠪᠠᠯ᠂ ᠡᠷᠳᠡᠨᠢᠰ ᠲᠠᠪᠤᠨᠲᠣᠯᠣᠭᠠᠢ ᠶᠢᠨ IPO ᠍ ᠳᠦ 283 ᠲᠡᠷᠪᠤᠮ ᠭᠡᠰᠡᠨ ᠢ ᠴᠤᠴᠠᠯᠠᠭᠠᠳ ᠲᠡᠮᠦᠷ ᠵᠠᠮ ᠲᠠᠯᠪᠢᠬᠤ ᠪᠠᠷ ᠪᠣᠯᠵᠠᠢ᠃ ᠭᠠᠰᠢᠭᠤᠨ ᠰᠤᠬᠠᠶᠢᠲᠤ ᠴᠢᠭᠯᠡᠯ ᠦᠨ ᠲᠡᠮᠦᠷ ᠵᠠᠮ ᠤᠨ 50 ᠬᠤᠪᠢ ᠨᠢ ᠳᠠᠭᠤᠰᠤᠭᠰᠠᠨ ᠪᠥᠭᠡᠳ ᠦᠯᠡᠳᠡᠭᠰᠡᠨ 50 ᠬᠤᠪᠢ ᠶᠢ ᠢᠷᠡᠬᠦ ᠵᠢᠯ ᠳᠠᠭᠤᠰᠬᠠᠬᠤ ᠰᠠᠩᠬᠦᠦᠵᠢᠯᠲᠠ ᠶᠢ ᠵᠠᠰᠠᠭ ᠤᠨ ᠭᠠᠵᠠᠷ ᠠᠴᠠ ᠰᠢᠢᠳᠴᠦ ᠪᠠᠶᠢᠭ᠎ᠠ ᠠᠵᠠᠢ᠃ ᠡᠶᠢᠨ ᠮᠠᠨ ᠤ ᠤᠯᠤᠰ ᠤᠨ ᠨᠡᠶᠢᠲᠡ ᠡᠺᠰᠫᠣᠷᠲ᠂ ᠢᠮᠫᠣᠷᠲ ᠨᠢᠭᠡ ᠤᠯᠤᠰ ᠠᠴᠠ ᠬᠡᠲᠦ ᠬᠠᠷᠠᠭᠠᠲᠤ ᠪᠣᠯᠵᠤ᠂ ᠡᠳ᠋ ᠦᠨ ᠵᠠᠰᠠᠭ ᠤᠨ ᠠᠶᠤᠯᠭᠦᠢ ᠪᠠᠶᠢᠳᠠᠯ ᠠᠯᠳᠠᠭᠳᠠᠭᠰᠠᠨ ᠤᠴᠢᠷ ᠠᠴᠠ ᠶᠠᠭᠠᠷᠠᠯᠲᠠᠢ ᠡᠳ᠋ ᠍ ᠦᠨ ᠵᠠᠰᠠᠭ ᠤᠨ ᠬᠠᠷᠢᠯᠴᠠᠭ᠎ᠠ ᠪᠠᠨ ᠲᠥᠷᠦᠯᠵᠢᠭᠦᠯᠵᠦ᠂ ᠣᠯᠠᠨ ᠤᠯᠤᠰ ᠤᠨ ᠣᠷᠣᠯᠴᠠᠭ᠎ᠠ ᠲᠠᠢ ᠪᠣᠯᠭᠠᠬᠤ ᠴᠢᠭᠯᠡᠯ ᠢ ᠥᠭᠴᠡᠢ᠃
ᠰᠡᠳᠬᠦᠯᠴᠢᠳ ᠦᠨ ᠰᠣᠨᠢᠷᠬᠠᠭᠰᠠᠨ ᠠᠰᠠᠭᠤᠯᠲᠠ ᠳᠤ ᠬᠠᠷᠢᠭᠤᠯᠤᠭᠰᠠᠨ ᠮᠡᠳᠡᠭᠡᠯᠡᠯ ᠢ ᠬᠦᠷᠭᠡᠶ᠎ᠡ᠃
– ︽ᠡᠷᠳᠡᠨᠢᠲᠦ︾ ᠦᠢᠯᠡᠳᠪᠦᠷᠢ ᠳᠦ ᠣᠨᠴᠠᠭᠠᠢ ᠳᠢᠭᠯᠢᠮ ᠲᠣᠭᠲᠠᠭᠠᠭᠰᠠᠨ ᠢ ᠶᠡᠷᠦᠩᠬᠡᠶᠢᠯᠡᠭᠴᠢ ᠬᠡᠷᠬᠢᠨ ᠳ᠋ᠦᠩᠨᠡᠵᠦ ᠪᠠᠶᠢᠭ᠎ᠠ ᠪᠤᠢ ︖
– ᠥᠨᠥᠳᠥᠷ ︽ᠡᠷᠳᠡᠨᠢᠲᠦ︾ ᠦᠢᠯᠡᠳᠪᠦᠷᠢ ᠶᠢᠨ ᠰᠲ᠋ᠠᠨᠳᠠᠷᠲ ᠪᠠᠩᠬᠢᠨ ᠳᠤ ᠲᠦᠯᠦᠬᠦ ᠥᠷᠢ 120 ᠭᠠᠷᠤᠢ ᠰᠠᠶ᠎ᠠ ᠳ᠋ᠣᠯᠯᠠᠷ ᠪᠣᠯᠤᠭᠰᠠᠨ᠃ ᠡᠷᠳᠡᠨᠢᠲᠦ ᠦᠢᠯᠡᠳᠪᠦᠷᠢ ᠶᠢᠨ 49 ᠬᠤᠪᠢ ᠪᠠᠶᠢᠭ᠎ᠠ ᠡᠰᠡᠬᠦ ᠨᠢ ᠲᠣᠳᠣᠷᠬᠠᠢ ᠦᠭᠡᠢ ᠪᠠᠶᠢᠨ᠎ᠠ᠃ ᠵᠠᠰᠠᠭ ᠤᠨ ᠭᠠᠵᠠᠷ ᠠᠴᠠ ᠡᠷᠳᠡᠨᠢᠲᠦ ᠶᠢᠨ 49 ᠬᠤᠪᠢ ᠪᠠᠶᠢᠬᠤ ᠦᠭᠡᠢ ᠭᠡᠵᠦ ᠦᠵᠡᠵᠦ ᠪᠠᠶᠢᠭ᠎ᠠ᠃ ᠬᠠᠷᠢᠨ ᠬᠤᠳᠠᠯᠳᠤᠭ᠎ᠠ ᠬᠥᠭᠵᠢᠯ ᠦᠨ ᠪᠠᠩᠬᠢᠨ ᠤ ᠬᠢᠨ ᠤ 49  ᠬᠤᠪᠢ ᠶᠢ ᠪᠠᠶᠢᠭ᠎ᠠ ᠭᠡᠵᠦ ᠬᠡᠯᠡᠵᠦ ᠪᠠᠶᠢᠭ᠎ᠠ᠃ ᠡᠶᠢᠮᠦ ᠨᠥᠬᠥᠴᠡᠯ ᠳᠦ ᠣᠨᠴᠠᠭᠠᠢ ᠳᠢᠭᠯᠢᠮ ᠲᠣᠭᠲᠠᠭᠠᠬᠤ ᠨᠢ ᠵᠥᠪ ᠭᠡᠵᠦ ᠦᠵᠡᠵᠦ ᠪᠠᠶᠢᠨ᠎ᠠ᠃ ᠡᠷᠳᠡᠨᠢᠲᠦ ᠦᠢᠯᠡᠳᠪᠦᠷᠢ ᠥᠪᠡᠷ ᠢᠶᠡᠨ 100 ᠬᠤᠪᠢ ᠤᠳᠤᠷᠢᠳᠤᠯᠭ᠎ᠠ ᠶᠢᠨ ᠠᠰᠠᠭᠤᠳᠠᠯ ᠲᠠᠢ ᠤᠴᠢᠷ ᠠᠴᠠ ᠡᠨᠡ ᠠᠷᠭ᠎ᠠ ᠬᠡᠮᠵᠢᠶ᠎ᠡ ᠶᠢ ᠠᠪᠤᠭᠰᠠᠨ ᠨᠢ ᠵᠥᠪ ᠭᠡᠵᠦ ᠶᠡᠷᠦᠩᠬᠡᠶᠢᠯᠡᠭᠴᠢ ᠦᠵᠡᠵᠦ ᠪᠠᠶᠢᠭ᠎ᠠ᠃
–  ︽ᠡᠷᠳᠡᠨᠢᠰ ᠲᠠᠪᠤᠨᠲᠣᠯᠣᠭᠠᠢ︾ ᠺᠤᠮᠫᠠᠨᠢ ᠶᠢᠨ IPO ᠭᠠᠷᠭᠠᠬᠤ ᠶᠢ ᠴᠤᠴᠠᠯᠠᠭᠰᠠᠨ ᠭᠡᠰᠡᠨ ᠦᠭᠡ ᠦᠦ ︖
– IPO ᠭᠠᠷᠭᠠᠨ᠎ᠠ᠃ ᠭᠡᠬᠦ ᠳᠦ ᠪᠡᠨ IPO ᠭᠠᠷᠭᠠᠭᠰᠠᠨ ᠬᠣᠶᠢᠨ᠎ᠠ ᠣᠯᠤᠭᠰᠠᠨ ᠮᠥᠩᠭᠥᠨ ᠡᠴᠡ ᠪᠡᠨ ᠬᠤᠪᠢ ᠠᠪᠳᠠᠭ ᠪᠣᠯᠬᠤ ᠠᠴᠠ ᠪᠢᠰᠢ ᠭᠠᠷᠭᠠᠨ᠎ᠠ ᠭᠡᠵᠦ ᠤᠷᠢᠳᠴᠢᠯᠠᠵᠤ ᠮᠥᠩᠭᠥ ᠥᠭᠴᠦ ᠪᠣᠯᠬᠤ ᠦᠭᠡᠢ᠃ ᠳ ∙ ᠰᠤᠮᠢᠶᠠᠪᠠᠽᠠᠷ ᠰᠠᠶᠢᠳ ᠲᠤ ᠤᠷᠢᠳᠴᠢᠯᠠᠵᠤ ᠮᠥᠩᠭᠥ ᠭᠠᠷᠭᠠᠵᠤ ᠪᠣᠯᠬᠤ ᠦᠭᠡᠢ ᠲᠠᠯ᠎ᠠ ᠪᠠᠷ ᠰᠠᠨᠠᠭᠤᠯᠤᠭᠰᠠᠨ᠃

ᠰᠡᠳᠬᠢᠭᠳᠡᠯ ᠦᠯᠡᠳᠡᠭᠡᠬᠦ