︽ᠬᠥᠷᠥᠩᠭᠡ ᠣᠷᠣᠭᠤᠯᠤᠯᠲᠠ ᠶᠢ ᠬᠦᠬᠢᠭᠦᠯᠦᠨ ᠳᠡᠮᠵᠢᠬᠦ᠂ ᠬᠠᠷᠢᠯᠴᠠᠨ ᠬᠠᠮᠠᠭᠠᠯᠠᠬᠤ ᠲᠤᠬᠠᠢ ᠵᠠᠰᠠᠭ ᠤᠨ ᠭᠠᠵᠠᠷ ᠬᠣᠭᠣᠷᠣᠨᠳᠣ ᠶᠢᠨ ᠬᠡᠯᠡᠯᠴᠡᠭᠡᠷ︾ ᠦᠨ ᠮᠣᠩᠭᠣᠯ ᠤᠯᠤᠰ ᠤᠨ ᠰᠠᠨᠠᠯ ᠪᠣᠯᠭᠠᠬᠤ ᠨᠢᠭᠡᠳᠦᠭᠰᠡᠨ ᠵᠠᠭᠪᠤᠷ ᠢ ᠪᠠᠲᠤᠯᠠᠪᠠ᠃ ᠬᠥᠷᠥᠩᠭᠡ ᠣᠷᠣᠭᠤᠯᠤᠯᠲᠠ ᠲᠠᠢ ᠬᠤᠯᠪᠤᠭ᠎ᠠ ᠲᠠᠢ ᠭᠡᠷ᠎ᠡ ᠪᠠᠶᠢᠭᠤᠯᠬᠤ᠂ ᠬᠡᠯᠡᠯᠴᠡᠭᠡ ᠬᠢᠬᠦ ᠳᠦ ᠪᠡᠨ ᠡᠨᠡ ᠵᠠᠭᠪᠤᠷ ᠲᠤ ᠵᠢᠭᠠᠭᠰᠠᠨ ᠵᠣᠷᠢᠯᠭ᠎ᠠ᠂ ᠵᠠᠷᠴᠢᠮ ᠢ ᠪᠠᠷᠢᠮᠲᠠᠯᠠᠵᠤ ᠪᠠᠶᠢᠬᠤ ᠶᠤᠮ᠃
ᠮᠠᠨ ᠤ ᠤᠯᠤᠰ ᠤᠨ ᠬᠥᠷᠥᠩᠭᠡ ᠣᠷᠣᠭᠤᠯᠤᠯᠲᠠ ᠶᠢᠨ ᠭᠡᠷ᠎ᠡ ᠨᠦᠭᠦᠳ ᠳᠣᠲᠣᠭᠠᠳᠤ ᠶᠢᠨ ᠡᠷᠬᠡ ᠵᠦᠢ ᠶᠢᠨ ᠵᠣᠬᠢᠴᠠᠭᠤᠯᠤᠯᠲᠠ ᠬᠢᠬᠦ ᠪᠦᠷᠢᠨ ᠡᠷᠬᠡ ᠪᠡᠨ ᠬᠠᠳᠠᠭᠠᠯᠠᠭ᠎ᠠ ᠦᠭᠡᠢ᠂ ᠬᠥᠷᠥᠩᠭᠡ ᠣᠷᠣᠭᠤᠯᠤᠭᠴᠢ ᠶᠢᠨ ᠡᠷᠬᠡ ᠶᠢ ᠬᠠᠮᠠᠭᠠᠯᠠᠭᠰᠠᠨ ᠭᠣᠣᠯ ᠵᠢᠭᠠᠯᠲᠠ ᠨᠤᠭᠤᠳ ᠢ ᠨᠠᠷᠢᠪᠴᠢᠯᠠᠨ ᠲᠣᠮᠢᠶᠠᠯᠠᠭᠠ ᠦᠭᠡᠢ᠂ ︽ᠬᠠᠷᠢᠴᠠᠩᠭᠤᠢ ᠤᠯᠠᠮᠵᠢᠯᠠᠯᠲᠤ︾ ᠭᠡᠵᠦ ᠪᠣᠯᠬᠣᠷ ᠰᠢᠨᠵᠢ ᠲᠡᠢ ᠪᠠᠶᠢᠨ᠎ᠠ᠃ ᠲᠤᠬᠠᠶᠢᠯᠠᠪᠠᠯ᠂ ᠰᠢᠳᠤᠷᠭᠤ᠂ ᠡᠷᠬᠡ ᠲᠡᠭᠰᠢ ᠬᠠᠨᠳᠤᠬᠤ᠂ ᠨᠡᠩ ᠲᠠᠭᠠᠯᠠᠮᠵᠢᠲᠠᠢ ᠨᠥᠬᠥᠴᠡᠯ ᠵᠡᠷᠭᠡ ᠵᠣᠬᠢᠴᠠᠭᠤᠯᠤᠯᠲᠠ ᠬᠡᠲᠦ ᠶᠡᠷᠦᠩᠬᠡᠢ᠃ ᠡᠭᠦᠨ ᠡᠴᠡ ᠪᠣᠯᠵᠤ ᠬᠥᠷᠥᠩᠭᠡ ᠣᠷᠣᠭᠤᠯᠤᠭᠴᠢᠳ ᠮᠠᠨ ᠤ ᠤᠯᠤᠰ ᠤᠨ ᠭᠤᠷᠪᠠᠳᠠᠭᠴᠢ ᠤᠯᠤᠰ ᠲᠠᠢ ᠪᠠᠶᠢᠭᠤᠯᠤᠭᠰᠠᠨ ᠬᠥᠷᠥᠩᠭᠡ ᠣᠷᠣᠭᠤᠯᠤᠯᠲᠠ ᠶᠢᠨ ᠠᠯᠢ ᠴᠤ ᠭᠡᠷ᠎ᠡ ᠶᠢᠨ ᠳᠠᠭᠠᠤ ᠶᠠᠮᠠᠷ ᠴᠤ ᠦᠨᠳᠦᠰᠦᠯᠡᠯ ᠢᠶᠡᠷ ᠮᠠᠷᠭᠤᠭᠠᠨ ᠡᠭᠦᠰᠭᠡᠬᠦ ᠪᠣᠯᠤᠮᠵᠢ ᠲᠠᠢ ᠪᠠᠶᠢᠭ᠎ᠠ ᠶᠤᠮ᠃ ᠨᠢᠭᠡᠳᠦᠭᠰᠡᠨ ᠵᠠᠭᠪᠤᠷ ᠲᠠᠢ ᠪᠣᠯᠤᠭᠰᠠᠨ ᠢᠶᠠᠷ ᠡᠨᠡ ᠵᠥᠷᠢᠴᠡᠯ ᠠᠷᠢᠯᠵᠤ᠂ ᠲᠡᠩᠴᠡᠪᠦᠷᠢᠲᠡᠢ ᠬᠥᠷᠥᠩᠭᠡ ᠣᠷᠣᠭᠤᠯᠤᠯᠲᠠ ᠲᠠᠲᠠᠬᠤ᠂ ᠦᠨᠳᠦᠰᠦᠨ ᠦ ᠠᠶᠤᠯᠭᠦᠢ ᠪᠠᠶᠢᠳᠠᠯ᠂ ᠨᠡᠶᠢᠭᠡᠮ ᠤᠨ ᠳᠢᠭ ᠵᠢᠷᠤᠮ᠂ ᠬᠦᠷᠢᠶᠡᠯᠡᠨ ᠪᠠᠶᠢᠭ᠎ᠠ ᠣᠷᠴᠢᠨ ᠢ ᠬᠠᠮᠠᠭᠠᠯᠠᠬᠤ ᠴᠢᠭᠯᠡᠯ ᠢᠶᠡᠷ ᠡᠷᠬᠡ ᠵᠦᠢ ᠶᠢᠨ ᠵᠣᠬᠢᠴᠠᠭᠤᠯᠤᠯᠲᠠ ᠪᠤᠢ ᠪᠣᠯᠤᠨ᠎ᠠ ᠭᠡᠵᠦ ᠦᠵᠡᠯ᠎ᠡ᠃ ᠮᠠᠨ ᠤ ᠤᠯᠤᠰ 44 ᠤᠯᠤᠰ ᠲᠠᠢ ᠬᠥᠷᠥᠩᠭᠡ ᠣᠷᠣᠭᠤᠯᠤᠯᠲᠠ ᠶᠢ ᠬᠦᠬᠢᠭᠦᠯᠦᠨ ᠳᠡᠮᠵᠢᠬᠦ᠂ ᠬᠠᠷᠢᠯᠴᠠᠨ ᠬᠠᠮᠠᠭᠠᠯᠠᠬᠤ ᠲᠤᠬᠠᠢ ᠬᠡᠯᠡᠯᠴᠡᠭᠡᠷ ᠪᠠᠶᠢᠭᠤᠯᠤᠭᠰᠠᠨ ᠠᠴᠠ 36 ᠨᠢ ᠬᠦᠴᠦᠨ ᠲᠡᠭᠦᠯᠳᠡᠷ ᠮᠥᠷᠳᠡᠭᠳᠡᠵᠦ ᠪᠠᠶᠢᠨ᠎ᠠ᠃