ᠠᠮᠧᠷᠢᠺᠠ ᠶᠢᠨ ᠲᠤᠰᠬᠠᠢ ᠬᠦᠴᠦᠨ ᠦ ᠺᠣᠮᠠᠨᠳᠠᠯᠠᠭᠴᠢ ᠠᠶᠢᠯᠴᠢᠯᠠᠯ᠎ᠠ | News.MN

ᠠᠮᠧᠷᠢᠺᠠ ᠶᠢᠨ ᠲᠤᠰᠬᠠᠢ ᠬᠦᠴᠦᠨ ᠦ ᠺᠣᠮᠠᠨᠳᠠᠯᠠᠭᠴᠢ ᠠᠶᠢᠯᠴᠢᠯᠠᠯ᠎ᠠ

ᠠᠮᠧᠷᠢᠺᠠ ᠶᠢᠨ ᠨᠢᠭᠡᠳᠦᠭᠰᠡᠨ ᠤᠯᠤᠰ ᠤᠨ ᠲᠤᠰᠬᠠᠢ ᠬᠦᠴᠦᠨ ᠦ ᠺᠣᠮᠠᠨᠳᠠᠯᠠᠭᠴᠢ᠂ ᠭᠧᠨᠧᠷᠠᠯ ᠷᠠᠶᠢᠮᠤᠨᠳ᠋ ᠲᠣᠮᠠᠰ ᠨᠠᠷ ᠤᠨ ᠲᠥᠯᠥᠭᠡᠯᠡᠭᠴᠢᠳ ᠮᠠᠨ ᠤ ᠤᠯᠤᠰ ᠲᠤ ᠠᠶᠢᠯᠴᠢᠯᠠᠯ᠎ᠠ᠃ ᠲᠡᠷᠡ ᠪᠡᠷ ᠮᠣᠩᠭᠣᠯ ᠤᠯᠤᠰ ᠤᠨ ᠶᠡᠷᠦᠩᠬᠡᠶᠢᠯᠡᠭᠴᠢ᠂ ᠵᠡᠪᠰᠡᠭᠲᠦ ᠬᠦᠴᠦᠨ ᠦ ᠶᠡᠷᠦᠩᠬᠡᠢ ᠺᠣᠮᠠᠨᠳᠠᠯᠠᠭᠴᠢ ᠬ∙ᠪᠠᠲᠤᠲᠤᠯᠭ᠎ᠠ ᠪᠣᠯᠤᠨ ᠪᠠᠲᠤᠯᠠᠨ ᠬᠠᠮᠠᠭᠠᠯᠠᠬᠤ ᠶᠢᠨ ᠰᠠᠶᠢᠳ ᠨ∙ᠡᠩᠬᠡᠪᠣᠯᠤᠳ ᠨᠠᠷ ᠲᠠᠢ ᠠᠭᠤᠯᠵᠠᠪᠠ᠃ ᠮᠥᠨ ᠵᠡᠪᠰᠡᠭᠲᠦ ᠬᠦᠴᠦᠨ ᠦ ᠵᠠᠩᠵᠤᠨ ᠱᠲ᠋ᠠᠪ ᠤᠨ ᠳᠠᠷᠤᠭ᠎ᠠ ᠶᠢᠨ ᠡᠭᠦᠷᠭᠡ ᠭᠦᠢᠴᠡᠳᠬᠡᠭᠴᠢ᠂ ᠨᠢᠭᠡᠳᠦᠭᠡᠷ ᠣᠷᠣᠯᠠᠭᠴᠢ ᠳᠠᠷᠤᠭ᠎ᠠ᠂ ᠬᠣᠰᠢᠭᠤᠴᠢ ᠭᠧᠨᠧᠷᠠᠯ ᠷ∙ᠰᠦᠬᠡᠪᠠᠲᠤ ᠲᠠᠢ ᠬᠣᠶᠠᠷ ᠲᠠᠯ᠎ᠠ ᠶᠢᠨ ᠠᠭᠤᠯᠵᠠᠯᠲᠠ ᠬᠢᠭᠰᠡᠨ ᠶᠤᠮ᠃
ᠠᠭᠤᠯᠵᠠᠯᠲᠠ ᠪᠠᠷ ᠮᠣᠩᠭᠣᠯ ᠠᠮᠧᠷᠢᠺᠠ ᠶᠢᠨ ᠪᠠᠲᠤᠯᠠᠨ ᠬᠠᠮᠠᠭᠠᠯᠠᠬᠤ᠂ ᠵᠡᠪᠰᠡᠭᠲᠦ ᠬᠦᠴᠦᠨ ᠦ ᠬᠠᠷᠢᠯᠴᠠᠭ᠎ᠠ᠂ ᠬᠠᠮᠲᠤ ᠶᠢᠨ ᠠᠵᠢᠯᠯᠠᠭᠠᠨ ᠤ ᠦᠨᠳᠦᠰᠦᠨ ᠲᠠᠪᠤᠨ ᠴᠢᠭᠯᠡᠯ ᠦᠨ ᠨᠢᠭᠡ ᠪᠣᠯᠬᠤ ᠡᠩᠬᠡ ᠶᠢ ᠳᠡᠮᠵᠢᠬᠦ᠂ ᠲᠤᠰᠬᠠᠢ ᠡᠭᠦᠷᠭᠡ ᠭᠦᠢᠴᠡᠳᠭᠡᠬᠦ  ᠴᠢᠳᠠᠪᠬᠢ ᠶᠢ ᠨᠡᠮᠡᠭᠳᠡᠭᠦᠯᠬᠦ ᠴᠢᠭᠯᠡᠯ ᠢᠶᠡᠷ ᠬᠠᠷᠢᠯᠴᠠᠨ ᠰᠠᠨᠠᠯ ᠰᠣᠯᠢᠯᠴᠠᠯ᠎ᠠ᠃

ᠰᠡᠳᠬᠢᠭᠳᠡᠯ ᠦᠯᠡᠳᠡᠭᠡᠬᠦ