ᠪᠦᠵᠢᠭ ᠦᠨ ᠲᠡᠮᠡᠴᠡᠭᠡᠨ ᠳᠦ 600 ᠭᠠᠷᠤᠢ ᠡᠮᠡᠭᠲᠡᠢ ᠣᠷᠣᠯᠴᠠᠵᠠᠢ | News.MN

ᠪᠦᠵᠢᠭ ᠦᠨ ᠲᠡᠮᠡᠴᠡᠭᠡᠨ ᠳᠦ 600 ᠭᠠᠷᠤᠢ ᠡᠮᠡᠭᠲᠡᠢ ᠣᠷᠣᠯᠴᠠᠵᠠᠢ

ᠬᠣᠪᠳᠣ ᠠᠶᠢᠮᠠᠭ ᠤᠨ ᠵᠢᠷᠭᠠᠯᠠᠩᠲᠤ ᠰᠤᠮᠤ ᠶᠢᠨ ᠢᠷᠭᠡᠳ ᠦᠨ ᠲᠥᠯᠥᠭᠡᠯᠡᠭᠴᠢᠳ ᠦᠨ ᠬᠤᠷᠠᠯ᠂  ᠵᠠᠰᠠᠭ ᠳᠠᠷᠤᠭ᠎ᠠ ᠶᠢᠨ ᠲᠠᠮᠠᠭ᠎ᠠ ᠶᠢᠨ ᠭᠠᠵᠠᠷ᠍ ᠠᠴᠠ ︽ᠥᠭᠡᠷᠡᠴᠢᠯᠡᠯᠲᠡ ᠶᠢ ᠥᠪᠡᠷ ᠡᠴᠡ ᠪᠡᠨ︾ ᠡᠮᠡᠭᠲᠡᠶᠢᠴᠦᠳ ᠦᠨ ᠨᠢᠭᠡᠳᠦᠭᠰᠡᠨ ᠪᠦᠵᠢᠭ ᠦᠨ ᠲᠡᠮᠡᠴᠡᠭᠡᠨ ᠵᠣᠬᠢᠶᠠᠨ ᠪᠠᠶᠢᠭᠤᠯᠤᠯ᠎ᠠ᠃
ᠪᠦᠵᠢᠭ ᠦᠨ ᠲᠡᠮᠡᠴᠡᠭᠡᠨ ᠦ ᠵᠣᠷᠢᠯᠭ᠎ᠠ ᠨᠢ ᠨᠡᠶᠢᠲᠡ ᠶᠢᠨ ᠪᠡᠶ᠎ᠡ ᠶᠢᠨ ᠲᠠᠮᠢᠷ ᠰᠫᠣᠷᠲ ᠢ ᠬᠥᠭᠵᠢᠭᠦᠯᠬᠦ᠂ ᠢᠷᠭᠡᠳ ᠦᠨ ᠴᠢᠯᠦᠭᠡᠲᠦ ᠴᠠᠭ ᠢ ᠵᠥᠪ ᠪᠣᠯᠪᠠᠰᠤᠨ ᠥᠩᠭᠡᠷᠡᠭᠦᠯᠬᠦ᠂ ᠪᠦᠬᠦ ᠨᠠᠰᠤᠨ ᠤ ᠡᠮᠡᠭᠲᠡᠶᠢᠴᠦᠳ ᠦᠨ ᠢᠳᠡᠪᠬᠢ ᠣᠷᠣᠯᠴᠠᠭ᠎ᠠ ᠶᠢ ᠨᠡᠮᠡᠭᠳᠡᠭᠦᠯᠬᠦ ᠳᠦ ᠴᠢᠭᠯᠡᠵᠦ ᠪᠠᠶᠢᠪᠠ᠃ ᠲᠡᠮᠡᠴᠡᠭᠡᠨ ᠳᠦ ᠵᠢᠷᠭᠠᠯᠠᠩᠲᠤ ᠰᠤᠮᠤᠨ ᠳᠤ ᠦᠢᠯᠡ ᠠᠵᠢᠯᠯᠠᠭ᠎ᠠ ᠪᠠᠨ ᠶᠠᠪᠤᠭᠤᠯᠵᠤ ᠪᠠᠶᠢᠭ᠎ᠠ 27 ᠪᠠᠶᠢᠭᠤᠯᠤᠯᠭ᠎ᠠ ᠶᠢᠨ 600 ᠭᠠᠷᠤᠢ ᠡᠮᠡᠭᠲᠡᠢ ᠠᠵᠢᠯᠲᠠᠨ ᠣᠷᠣᠯᠴᠠᠭᠰᠠᠨ ᠪᠠᠶᠢᠨ᠎ᠠ᠃ ᠡᠭᠦᠨ ᠡᠴᠡ ᠲᠡᠷᠢᠭᠦᠨ ᠪᠠᠶᠢᠷᠢ ᠳᠤ 13 ᠳ᠋ᠤᠭᠠᠷ ᠴᠡᠴᠡᠷᠯᠢᠭ᠂ ᠳᠡᠳ᠋ ᠪᠠᠶᠢᠷᠢ ᠳᠤ ᠶᠡᠷᠦᠩᠬᠡᠢ ᠪᠣᠯᠪᠠᠰᠤᠷᠠᠯ ᠤᠨ 7 ᠳ᠋ᠤᠭᠠᠷ ᠰᠤᠷᠭᠠᠭᠤᠯᠢ᠂ ᠭᠤᠷᠪᠠᠳᠤᠭᠠᠷ ᠪᠠᠶᠢᠷᠢ ᠳᠤ ᠯᠠᠪᠤᠷᠠᠲ᠋ᠣᠷᠢ 1 ᠳ᠋ᠤᠭᠡᠷ ᠰᠤᠷᠭᠠᠭᠤᠯᠢ᠂ ᠲᠤᠰᠬᠠᠢ ᠪᠠᠶᠢᠷᠢ ᠳᠤ 2᠂ 11  ᠳ᠋ᠤᠭᠡᠷ ᠴᠡᠴᠡᠷᠯᠢᠭ ᠦᠨ ᠬᠠᠮᠲᠤᠷᠠᠭᠰᠠᠨ ᠪᠠᠭ ᠰᠢᠯᠭᠠᠷᠠᠯ᠎ᠠ᠃

ᠰᠡᠳᠬᠢᠭᠳᠡᠯ ᠦᠯᠡᠳᠡᠭᠡᠬᠦ