ᠮᠣᠩᠭᠣᠯ ᠪᠢᠴᠢᠭ ᠦᠨ ᠳᠤᠭᠤᠶᠢᠯᠠᠩ ᠬᠢᠴᠢᠶᠡᠯᠯᠡᠵᠦ ᠪᠠᠶᠢᠨ᠎ᠠ | News.MN

ᠮᠣᠩᠭᠣᠯ ᠪᠢᠴᠢᠭ ᠦᠨ ᠳᠤᠭᠤᠶᠢᠯᠠᠩ ᠬᠢᠴᠢᠶᠡᠯᠯᠡᠵᠦ ᠪᠠᠶᠢᠨ᠎ᠠ

ᠤᠪᠰᠤ ᠠᠶᠢᠮᠠᠭ ᠤᠨ ᠭᠡᠷ ᠪᠦᠯᠢ᠂ ᠬᠡᠦᠬᠡᠳ᠂ ᠵᠠᠯᠠᠭᠤᠴᠤᠳ ᠤᠨ ᠬᠥᠭᠵᠢᠯ ᠦᠨ ᠭᠠᠵᠠᠷ ᠤᠨ ᠳᠡᠷᠭᠡᠳᠡᠬᠢ ᠮᠣᠩᠭᠣᠯ ᠪᠢᠴᠢᠭ ᠦᠨ ᠺᠯᠦ᠋ᠪ ᠨᠢ ᠲᠠᠪᠤᠳᠠᠬᠢ ᠵᠢᠯ ᠳᠦ ᠪᠡᠨ ᠮᠣᠩᠭᠣᠯ ᠪᠢᠴᠢᠭ ᠦᠨ ᠪᠣᠯᠪᠠᠰᠤᠷᠠᠯ ᠣᠯᠭᠣᠬᠤ ᠰᠤᠷᠭᠠᠯᠲᠠ ᠶᠢ ᠶᠠᠪᠤᠭᠤᠯᠵᠤ ᠪᠠᠶᠢᠨ᠎ᠠ᠃ ᠢᠷᠭᠡᠳ ᠦᠨ ᠮᠣᠩᠭᠣᠯ ᠪᠢᠴᠢᠭ ᠦᠨ ᠮᠡᠳᠡᠯᠭᠡ ᠶᠢ ᠳᠡᠭᠡᠭᠰᠢᠯᠡᠭᠦᠯᠬᠦ᠂ ᠦᠨᠳᠦᠰᠦᠨ ᠦ ᠪᠢᠴᠢᠭ ᠢᠶᠡᠨ ᠰᠤᠷᠲᠠᠯᠴᠢᠯᠠᠨ ᠲᠠᠨᠢᠭᠤᠯᠬᠤ᠂ ᠲᠦᠭᠡᠭᠡᠨ ᠳᠡᠯᠭᠡᠷᠡᠭᠦᠯᠬᠦ᠂ ᠬᠣᠶᠢᠴᠢ ᠦᠶ᠎ᠡ ᠳᠦ ᠪᠡᠨ ᠥᠪᠯᠡᠭᠦᠯᠦᠨ ᠦᠯᠡᠳᠡᠭᠡᠬᠦ ᠵᠣᠷᠢᠯᠭ᠎ᠠ ᠲᠠᠢ ᠡᠨᠡᠬᠦ ᠰᠤᠷᠭᠠᠯᠲᠠ ᠳᠤ ᠬᠠᠮᠤᠷᠬᠤ ᠬᠦᠮᠦᠨ ᠦ ᠲᠣᠭ᠎ᠠ ᠵᠢᠯ ᠪᠦᠷᠢ ᠦᠰᠴᠦ ᠪᠠᠶᠢᠭ᠎ᠠ  ᠠᠵᠠᠢ᠃
ᠨᠠᠰᠤᠨ ᠳᠤ ᠬᠦᠷᠦᠭᠰᠡᠳ ᠲᠦ ᠵᠣᠷᠢᠭᠤᠯᠤᠭᠰᠠᠨ ᠮᠣᠩᠭᠣᠯ ᠪᠢᠴᠢᠭ ᠦᠨ ᠪᠣᠯᠪᠠᠰᠤᠷᠠᠯ ᠣᠯᠭᠣᠬᠤ ᠠᠩᠬᠠᠨ ᠱᠠᠲᠤᠨ ᠤ ᠰᠤᠷᠭᠠᠯᠲᠠ 30 ᠴᠠᠭ᠂ ᠮᠣᠩᠭᠣᠯ ᠪᠢᠴᠢᠭ ᠦᠨ ᠲᠦᠪᠰᠢᠨ ᠠᠬᠢᠭᠤᠯᠬᠤ ᠰᠤᠷᠭᠠᠯᠲᠠ 30 ᠴᠠᠭ᠂ ᠮᠣᠩᠭᠣᠯ ᠪᠢᠴᠢᠭ ᠦᠨ ᠭᠦᠨᠵᠡᠭᠡᠶᠢᠷᠡᠭᠦᠯᠦᠭᠰᠡᠨ ᠱᠠᠲᠤᠨ ᠤ ᠰᠤᠷᠭᠠᠯᠲᠠ 30 ᠴᠠᠭ ᠦᠷᠭᠦᠯᠵᠢᠯᠡᠬᠦ ᠪᠥᠭᠡᠳ ᠡᠨᠡᠬᠦ ᠰᠤᠷᠭᠠᠯᠲᠠ ᠳᠤ ᠣᠳᠣ ᠪᠠᠷ 10 ᠭᠠᠷᠤᠢ ᠬᠦᠮᠦᠨ ᠰᠠᠭᠤᠵᠤ ᠪᠠᠶᠢᠨ᠎ᠠ᠃ ᠮᠥᠨ ᠶᠡᠷᠦᠩᠬᠡᠢ ᠪᠣᠯᠪᠠᠰᠤᠷᠠᠯ ᠤᠨ ᠰᠤᠷᠭᠠᠭᠤᠯᠢ ᠶᠢᠨ ᠰᠤᠷᠤᠭᠴᠢᠳ ᠲᠤ ᠵᠣᠷᠢᠭᠤᠯᠤᠭᠰᠠᠨ ᠮᠣᠩᠭᠣᠯ ᠪᠢᠴᠢᠭ ᠦᠨ ᠬᠣᠴᠣᠷᠤᠭᠳᠠᠯ ᠠᠷᠢᠯᠭᠠᠬᠤ ᠰᠤᠷᠭᠠᠯᠲᠠ 30 ᠴᠠᠭ᠂ ᠮᠣᠩᠭᠣᠯ ᠪᠢᠴᠢᠭ ᠢᠶᠡᠷ ᠠᠯᠳᠠᠭ᠎ᠠ ᠦᠭᠡᠢ ᠴᠡᠪᠡᠷ ᠪᠢᠴᠢᠬᠦ᠂ ᠤᠩᠰᠢᠬᠤ ᠰᠤᠷᠭᠠᠯᠲᠠ 30 ᠴᠠᠭ᠂ ᠮᠣᠩᠭᠣᠯ ᠪᠢᠴᠢᠭ ᠦᠨ ᠲᠦᠪᠰᠢᠨ ᠠᠬᠢᠭᠤᠯᠬᠤ ᠰᠤᠷᠭᠠᠯᠲᠠ 30 ᠴᠠᠭ ᠬᠢᠴᠢᠶᠡᠯᠯᠡᠬᠦ ᠪᠥᠭᠡᠳ ᠡᠭᠦᠨ ᠳᠦ  ᠬᠤᠷᠢᠭᠠᠳ ᠬᠡᠦᠬᠡᠳ ᠰᠤᠷᠤᠯᠴᠠᠵᠤ ᠪᠠᠶᠢᠨ᠎ᠠ᠃ ᠰᠤᠷᠭᠠᠯᠲᠠ ᠶᠢ ᠮᠣᠩᠭᠣᠯ ᠬᠡᠯᠡ ᠤᠷᠠᠨ ᠵᠣᠬᠢᠶᠠᠯ ᠤᠨ ᠵᠢᠭᠠᠬᠤ  ᠠᠷᠭ᠎ᠠ ᠵᠦᠢᠴᠢ ᠪᠠᠭᠰᠢ ᠳ∙ᠪᠠᠶᠠᠷᠬᠦᠦ ᠤᠳᠤᠷᠢᠳᠤᠨ ᠶᠠᠪᠤᠭᠤᠯᠵᠤ ᠪᠠᠶᠢᠨ᠎ᠠ᠃

ᠰᠡᠳᠬᠢᠭᠳᠡᠯ ᠦᠯᠡᠳᠡᠭᠡᠬᠦ