ᠶᠠᠫᠣᠨ 1.8 ᠰᠠᠶ᠎ᠠ ᠳ᠋ᠣᠯᠯᠠᠷ ᠤᠨ ᠲᠤᠰᠠᠯᠠᠮᠵᠢ ᠤᠯᠭᠤᠨ᠎ᠠ | News.MN

ᠶᠠᠫᠣᠨ 1.8 ᠰᠠᠶ᠎ᠠ ᠳ᠋ᠣᠯᠯᠠᠷ ᠤᠨ ᠲᠤᠰᠠᠯᠠᠮᠵᠢ ᠤᠯᠭᠤᠨ᠎ᠠ

ᠶᠠᠫᠣᠨ ᠤᠯᠤᠰ ᠠᠴᠠ ᠮᠣᠩᠭᠣᠯ ᠤᠯᠤᠰ ᠲᠤ ᠰᠠᠭᠤᠭ᠎ᠠ ᠣᠨᠴᠠ ᠪᠥᠭᠡᠳ ᠪᠦᠷᠢᠨ ᠡᠷᠬᠡᠲᠦ ᠡᠯᠴᠢᠨ ᠰᠠᠶᠢᠳ  ᠲᠠᠺᠤᠺᠠ ᠮᠠᠰᠠᠲ᠋ᠤ᠋᠂ ᠰᠠᠩ ᠤᠨ ᠰᠠᠶᠢᠳ ᠴ∙ ᠬᠦᠷᠡᠯᠪᠠᠭᠠᠲᠤᠷ ᠨᠠᠷ ᠮᠣᠩᠭᠣᠯ ᠤᠯᠤᠰ ᠲᠤ ᠣᠯᠭᠣᠬᠤ 1.8 ᠰᠠᠶ᠎ᠠ ᠳ᠋ᠣᠯᠯᠠᠷ ᠤᠨ ᠪᠤᠴᠠᠯᠲᠠ ᠦᠭᠡᠢ ᠲᠤᠰᠠᠯᠠᠮᠵᠢ ᠶᠢᠨ ᠨᠣᠲ ᠪᠢᠴᠢᠭ ᠲᠦ ᠭᠠᠷ ᠤᠨ ᠦᠰᠦᠭ ᠵᠢᠷᠤᠬᠤ ᠶᠣᠰᠣᠯᠠᠯ ᠰᠠᠩ ᠤᠨ ᠶᠠᠮᠤᠨ ᠳᠤ ᠪᠣᠯᠤᠯ᠎ᠠ᠃
ᠰᠠᠩ ᠤᠨ ᠰᠠᠶᠢᠳ᠄ ᠥᠨᠥᠳᠥᠷ ᠦᠨ ᠣᠯᠭᠤᠵᠤ ᠪᠠᠶᠢᠭ᠎ᠠ ᠪᠤᠴᠠᠯᠲᠠ ᠦᠭᠡᠢ ᠲᠤᠰᠠᠯᠠᠮᠵᠢ ᠴᠡᠪᠡᠷ ᠤᠰᠤ ᠲᠠᠢ ᠬᠣᠯᠪᠣᠭ᠎ᠠ ᠲᠠᠢ ᠬᠢᠭᠳᠡᠬᠦ ᠠᠵᠢᠯ ᠤᠳ ᠲᠤ ᠵᠣᠷᠢᠭᠤᠯᠤᠭᠳᠠᠨ᠎ᠠ᠃ ᠠᠮᠧᠷᠢᠺᠠ ᠶᠢᠨ ᠮᠢᠩᠭᠠᠨ ᠤ ᠰᠣᠷᠢᠯᠲᠠ ᠶᠢᠨ ᠰᠠᠩ ᠠᠴᠠ ᠣᠯᠭᠤᠭᠰᠠᠨ 350 ᠰᠠᠶ᠎ᠠ ᠳ᠋ᠣᠯᠯᠠᠷ ᠤᠨ ᠪᠤᠴᠠᠯᠲᠠ ᠦᠭᠡᠢ ᠲᠤᠰᠠᠯᠠᠮᠵᠢ ᠪᠠᠷ ᠤᠯᠠᠭᠠᠨᠪᠠᠭᠠᠲᠤᠷ ᠬᠣᠲᠠ ᠶᠢ ᠴᠡᠪᠡᠷ ᠤᠰᠤ ᠪᠠᠷ ᠬᠠᠩᠭᠠᠬᠤ ᠲᠥᠰᠥᠯ ᠳᠦ ᠶᠡᠷᠦᠩᠬᠡᠢ ᠰᠠᠶᠢᠳ ᠭᠠᠷ ᠤᠨ ᠦᠰᠦᠭ ᠵᠢᠷᠤᠵᠤ ᠪᠠᠶᠢᠭᠰᠠᠨ᠃ ᠡᠨᠡ ᠪᠦᠬᠦ ᠠᠵᠢᠯᠯᠠᠭ᠎ᠠ ᠤᠶᠠᠯᠳᠤᠭ᠎ᠠ ᠬᠣᠯᠪᠣᠭᠠᠲᠠᠢ ᠪᠠᠷ ᠵᠠᠰᠠᠭ ᠤᠨ ᠭᠠᠵᠠᠷ ᠤᠨ ᠬᠦᠷᠢᠶᠡᠨ ᠳᠦ ᠶᠠᠪᠤᠭᠳᠠᠵᠤ ᠪᠠᠶᠢᠭ᠎ᠠ ᠬᠡᠮᠡᠨ ᠶᠠᠷᠢᠯ᠎ᠠ᠃
ᠶᠠᠫᠤᠨ ᠤ ᠡᠯᠴᠢᠨ ᠰᠠᠶᠢᠳ᠄ ᠶᠠᠫᠣᠨ ᠮᠣᠩᠭᠣᠯ ᠨᠡᠶᠢᠭᠡᠮ᠂ ᠡᠳ᠋ ᠦᠨ ᠵᠠᠰᠠᠭ᠂ ᠤᠯᠤᠰ ᠲᠥᠷᠥ ᠭᠡᠰᠡᠨ ᠥᠷᠭᠡᠨ ᠬᠦᠷᠢᠶᠡᠨ ᠳᠦ ᠬᠠᠮᠲᠤ ᠶᠢᠨ ᠠᠵᠢᠯᠯᠠᠭ᠎ᠠ  ᠪᠠᠨ ᠦᠷᠭᠦᠯᠵᠢᠭᠦᠯᠦᠨ ᠬᠥᠭᠵᠢᠭᠦᠯᠵᠦ ᠪᠠᠶᠢᠨ᠎ᠠ᠃ ᠥᠩᠭᠡᠷᠡᠭᠴᠢ ᠣᠨ ᠤ ᠠᠷᠪᠠᠨ ᠬᠣᠶᠠᠳᠤᠭᠠᠷ ᠰᠠᠷ᠎ᠠ ᠳᠤ ᠶᠡᠷᠦᠩᠬᠡᠢ ᠰᠠᠶᠢᠳ ᠤ᠊∙ᠬᠦᠷᠡᠯᠰᠦ᠋ᠬᠡ ᠶᠢᠨ ᠶᠠᠫᠣᠨ ᠤᠯᠤᠰ ᠲᠤ ᠬᠢᠭᠰᠡᠨ ᠠᠶᠢᠯᠴᠢᠯᠠᠯ ᠤᠨ ᠦᠶ᠎ᠡ ᠪᠡᠷ ᠠᠪᠸ ᠱᠢᠨᠽᠤ᠋ ᠲᠠᠢ ᠠᠭᠤᠯᠵᠠᠬᠤ ᠳᠤ ᠪᠠᠨ ᠬᠣᠶᠠᠷ ᠣᠷᠣᠨ ᠤ ᠰᠲᠷᠠᠲ᠋ᠧᠭᠢ ᠶᠢᠨ ᠲᠦᠩᠰᠢᠯᠡᠯ ᠢ ᠤᠯᠠᠮ ᠪᠡᠬᠢᠵᠢᠭᠦᠯᠬᠦ ᠲᠠᠯ᠎ᠠ ᠳᠡᠭᠡᠷ᠎ᠡ ᠰᠠᠨᠠᠯ ᠨᠢᠭᠡᠳᠦᠭᠰᠡᠨ ᠪᠢᠯᠡ᠃ ᠬᠣᠶᠠᠷ ᠣᠷᠣᠨ ᠤ ᠬᠠᠮᠲᠤ ᠶᠢᠨ ᠠᠵᠢᠯᠯᠠᠭᠠᠨ ᠤ ᠭᠣᠣᠯ ᠰᠠᠯᠪᠤᠷᠢ ᠨᠢ ᠪᠠᠶᠢᠭᠠᠯᠢ ᠣᠷᠴᠢᠨ ᠤ ᠰᠠᠯᠪᠤᠷᠢ ᠶᠤᠮ᠃ ᠮᠠᠨ ᠤ ᠤᠯᠤᠰ ᠤᠨ ᠵᠠᠰᠠᠭ ᠤᠨ ᠭᠠᠵᠠᠷ ᠤᠨ ᠵᠦᠭ ᠡᠴᠡ ︽ᠴᠡᠩᠭᠡᠭ ᠤᠰᠤᠨ ᠤ ᠨᠥᠭᠡᠴᠡ᠂ ᠪᠠᠶᠢᠭᠠᠯᠢ ᠬᠠᠮᠠᠭᠠᠯᠠᠬᠤ ᠲᠥᠪ︾ ᠲᠥᠰᠥᠯ ᠬᠡᠷᠡᠭᠵᠢᠭᠦᠯᠵᠦ᠂ ᠤᠯᠠᠭᠠᠨᠪᠠᠭᠠᠲᠤᠷ ᠬᠤᠲᠠ ᠳᠤ ᠨᠡᠭᠡᠭᠡᠭᠰᠡᠨ᠃ ᠡᠨᠡ ᠤᠳᠠᠭ᠎ᠠ ᠶᠢᠨ ᠲᠥᠰᠥᠯ ᠢᠶᠡᠷ ᠮᠣᠩᠭᠣᠯ ᠤᠯᠤᠰ ᠤᠨ ᠡᠺᠤᠯᠤᠭᠢ ᠶᠢᠨ ᠥᠪᠡᠷᠮᠢᠴᠡ ᠰᠢᠰᠲ᠋ᠧᠮ᠂ ᠪᠠᠶᠢᠭᠠᠯᠢ ᠣᠷᠴᠢᠨ ᠢ ᠬᠠᠮᠠᠭᠠᠯᠠᠨ ᠬᠠᠳᠠᠭᠠᠯᠠᠬᠤ ᠳᠤ ᠴᠢᠭᠯᠡᠭᠰᠡᠨ ᠰᠤᠳᠤᠯᠭ᠎ᠠ᠂ ᠣᠯᠠᠨ ᠨᠡᠶᠢᠲᠡ ᠲᠡᠢ ᠬᠠᠷᠢᠯᠴᠠᠬᠤ ᠳᠤ ᠱᠠᠭᠠᠷᠳᠠᠯᠭ᠎ᠠ ᠲᠠᠢ ᠲᠣᠨᠣᠭ ᠲᠥᠬᠥᠭᠡᠷᠦᠮᠵᠢ ᠶᠢ ᠪᠦᠷᠢᠳᠦᠭᠦᠯᠦᠨ᠎ᠡ ᠭᠡᠳᠡᠭ ᠲᠦ ᠨᠠᠶᠢᠳᠠᠵᠤ ᠪᠠᠶᠢᠨ᠎ᠠ ᠭᠡᠯ᠎ᠡ᠃

ᠰᠡᠳᠬᠢᠭᠳᠡᠯ ᠦᠯᠡᠳᠡᠭᠡᠬᠦ

2 ᠰᠡᠳᠬᠢᠭᠳᠡᠯ

Avatar

Нэргүй 2019-03-13 202.126.89.193

Oilgoj bn

Avatar

Zochin 2019-03-13 202.126.89.193

Oilgoj bn