ᠭᠠᠬᠠᠢ ᠶᠢᠨ ᠥᠭᠡᠬᠦ ᠨᠢᠭᠤᠴᠠ ᠪᠠᠷ ᠨᠡᠪᠲᠡᠷᠡᠭᠦᠯᠬᠦ ᠶᠢ ᠵᠠᠪᠳᠤᠵᠠᠢ | News.MN

ᠭᠠᠬᠠᠢ ᠶᠢᠨ ᠥᠭᠡᠬᠦ ᠨᠢᠭᠤᠴᠠ ᠪᠠᠷ ᠨᠡᠪᠲᠡᠷᠡᠭᠦᠯᠬᠦ ᠶᠢ ᠵᠠᠪᠳᠤᠵᠠᠢ

ᠵᠠᠮ ᠤᠨ-ᠡᠭᠦᠳᠡ ᠪᠣᠭᠣᠮᠲᠠ ᠪᠠᠷ ᠡᠨᠡ ᠰᠠᠷ᠎ᠠ ᠶᠢᠨ 07᠍ ᠤ ᠡᠳᠦᠷ 14 ᠰᠢᠭᠤᠳᠠᠢ 350 ᠺᠢᠯᠦᠭᠷᠡᠮ ᠭᠠᠬᠠᠢ ᠶᠢᠨ ᠥᠭᠡᠬᠦ ᠶᠢ ᠲᠡᠭᠡᠭᠡᠪᠦᠷᠢ ᠶᠢᠨ ᠬᠡᠷᠡᠭᠰᠡᠯ ᠳᠦ ᠨᠢᠭᠤᠨ ᠤᠯᠤᠰ ᠤᠨ ᠬᠢᠯᠢ ᠪᠡᠷ ᠵᠥᠪᠰᠢᠶᠡᠷᠡᠯ ᠦᠭᠡᠢ ᠪᠡᠷ ᠨᠡᠪᠲᠡᠷᠡᠭᠦᠯᠬᠦ ᠶᠢ ᠵᠠᠪᠳᠤᠭᠰᠠᠨ ᠪᠠᠶᠢᠨ᠎ᠠ᠃ ᠲᠤᠰ ᠦᠢᠯᠡᠳᠦᠯ ᠢ ᠬᠢᠯᠢ ᠶᠢᠨ ᠮᠡᠷᠭᠡᠵᠢᠯ ᠦᠨ ᠬᠢᠨᠠᠯᠲᠠ ᠶᠢᠨ ᠠᠯᠪᠠᠨ ᠠᠴᠠ ᠢᠯᠡᠷᠡᠭᠦᠯᠦᠨ ᠰᠠᠭᠠᠲᠠᠭᠤᠯᠵᠤ᠂ ᠬᠣᠯᠪᠣᠭᠳᠠᠬᠤ ᠪᠠᠶᠢᠭᠤᠯᠤᠯᠭ᠎ᠠ ᠳᠤ ᠬᠠᠷᠢᠶᠠᠯ ᠤᠨ ᠳᠠᠭᠠᠤ ᠰᠢᠯᠵᠢᠭᠦᠯᠵᠡᠢ᠃
ᠨᠢᠭᠡᠳᠦᠭᠡᠷ ᠰᠠᠷ᠎ᠠ ᠳᠤ ᠮᠣᠩᠭᠣᠯ ᠤᠯᠤᠰ ᠲᠤ ᠠᠹᠷᠢᠺᠠ ᠶᠢᠨ ᠭᠠᠬᠠᠢ ᠶᠢᠨ ᠮᠢᠯᠵᠠᠩ ᠡᠪᠡᠳᠴᠢᠨ ᠭᠠᠷᠴᠤ ᠬᠢᠲᠠᠳ᠂ ᠣᠷᠣᠰ᠂  ᠬᠤᠯᠪᠤᠭᠠᠨ ᠤ ᠪᠦᠭᠦᠳᠡ ᠨᠠᠶᠢᠷᠠᠮᠳᠠᠬᠤ ᠭᠸᠷᠮᠡᠨ ᠤᠯᠤᠰ᠂ ᠪᠦᠭᠦᠳᠡ ᠨᠠᠶᠢᠷᠠᠮᠳᠠᠬᠤ ᠫᠤᠯᠱᠠ ᠵᠡᠷᠭᠡ ᠤᠯᠤᠰ ᠠᠴᠠ ᠭᠠᠬᠠᠢ ᠶᠢᠨ ᠮᠢᠬ᠎ᠠ᠂ ᠥᠭᠡᠬᠦ ᠢᠮᠫᠤᠷᠲᠯᠠᠬᠤ ᠶᠢ ᠲᠦᠷ ᠬᠣᠷᠢᠭᠯᠠᠭᠠᠳ ᠪᠠᠶᠢᠭ᠎ᠠ᠃ ᠮᠠᠨ ᠤ ᠤᠯᠤᠰ ᠤᠨ ᠨᠡᠷ᠎ᠡ ᠪᠦᠬᠦᠢ 10 ᠠᠵᠤ ᠠᠬᠤᠢ ᠶᠢᠨ ᠨᠢᠭᠡᠴᠡ ᠭᠠᠬᠠᠢ ᠶᠢᠨ ᠮᠢᠬ᠎ᠠ᠂ ᠮᠢᠬᠠᠨ ᠪᠦᠲᠦᠭᠡᠭᠳᠡᠬᠦᠨ ᠢᠮᠫᠣᠷᠲᠯᠠᠵᠤ 74 ᠴᠡᠭ ᠲᠦ ᠲᠦᠪᠯᠡᠷᠡᠭᠦᠯᠵᠤ᠂ ᠡᠨᠡ ᠴᠡᠭ ᠡᠴᠡ ᠪᠤᠰᠤᠳ ᠭᠠᠵᠠᠷ ᠲᠤ ᠨᠡᠶᠢᠯᠡᠭᠦᠯᠳᠡᠭ ᠶᠤᠮ᠃

ᠰᠡᠳᠬᠢᠭᠳᠡᠯ ᠦᠯᠡᠳᠡᠭᠡᠬᠦ