ᠪ∙ᠶᠠᠪᠤᠭᠤᠬᠤᠯᠠᠩ ᠤᠨ ᠨᠣᠮ ᠤᠨ ᠰᠠᠩ ᠪᠠᠶᠢᠩᠭᠤ ᠶᠢᠨ 150 ᠤᠩᠰᠢᠭᠴᠢ ᠲᠠᠢ | News.MN

ᠪ∙ᠶᠠᠪᠤᠭᠤᠬᠤᠯᠠᠩ ᠤᠨ ᠨᠣᠮ ᠤᠨ ᠰᠠᠩ ᠪᠠᠶᠢᠩᠭᠤ ᠶᠢᠨ 150 ᠤᠩᠰᠢᠭᠴᠢ ᠲᠠᠢ

ᠵᠠᠪᠬᠠᠨ ᠠᠶᠢᠮᠠᠭ ᠤᠨ ᠪ∙ᠶᠠᠪᠤᠭᠤᠬᠤᠯᠠᠩ ᠦᠨ ᠨᠡᠷᠡᠮᠵᠢᠲᠦ ᠲᠥᠪ ᠨᠣᠮ ᠤᠨ ᠰᠠᠩ ᠤᠨ ᠡᠯᠧᠺᠲ᠋ᠷᠣᠨ ᠺᠠᠲ᠋ᠣᠯᠣᠭᠢ ᠪᠠᠷ ᠣᠨ ᠭᠠᠷᠤᠭᠰᠠᠭᠠᠷ ᠥᠨᠥᠳᠥᠷ ᠦᠨ ᠪᠠᠶᠢᠳᠠᠯ ᠢᠶᠠᠷ 320 ᠣᠷᠴᠢᠮ ᠢᠷᠭᠡᠨ ᠦᠢᠯᠡᠴᠢᠯᠡᠭᠦᠯᠵᠡᠢ᠃ ᠲᠤᠰ ᠨᠣᠮ ᠤᠨ ᠰᠠᠩ ᠯᠠᠪᠯᠠᠯᠭ᠎ᠠ ᠨᠣᠮ ᠵᠦᠢ ᠶᠢᠨ ᠠᠵᠢᠯ ᠢ ᠣᠷᠴᠢᠨ ᠦᠶ᠎ᠡ ᠶᠢᠨ ᠲᠧᠭᠨᠢᠭ ᠲᠡᠢ ᠬᠣᠣᠰᠯᠠᠭᠤᠯᠵᠤ ᠬᠡᠷᠡᠭᠯᠡᠭᠴᠢᠳ ᠲᠦ ᠪᠡᠨ ᠦᠢᠯᠡᠴᠢᠯᠡᠭᠡ ᠪᠡᠨ ᠰᠢᠭᠤᠷᠬᠠᠢ ᠬᠦᠷᠭᠡᠬᠦ ᠠᠵᠢᠯ ᠢ ᠥᠩᠭᠡᠷᠡᠭᠰᠡᠨ ᠣᠨ ᠳᠤ ᠡᠬᠢᠯᠡᠭᠦᠯᠦᠭᠰᠡᠨ ᠨᠢ ᠤᠩᠰᠢᠭᠴᠢᠳ ᠢ ᠲᠠᠲᠠᠵᠤ ᠪᠠᠶᠢᠭ᠎ᠠ ᠠᠵᠠᠢ ᠃ ᠲᠣᠳᠣᠷᠠᠭᠤᠯᠪᠠᠯ ᠤᠩᠰᠢᠭᠴᠢᠳ ᠲᠤ ᠠᠯᠢᠪᠠ ᠮᠡᠳᠡᠭᠡᠯᠡᠯ ᠢ ᠣᠯᠠᠨ ᠡᠬᠢ ᠰᠤᠷᠪᠤᠯᠵᠢ ᠠᠴᠠ ᠠᠪᠬᠤ᠂ ᠬᠡᠷᠡᠭᠴᠡᠭᠡᠲᠦ ᠮᠡᠳᠡᠭᠡᠯᠡᠯ ᠢ ᠰᠢᠭᠤᠳ ᠬᠡᠪᠯᠡᠨ ᠥᠭᠬᠦ᠂ ᠤᠩᠰᠢᠭᠴᠢᠳ ᠲᠤ ᠰᠣᠨᠢᠷᠬᠠᠭᠰᠠᠨ ᠮᠡᠳᠡᠭᠡᠯᠡᠯ ᠢ ᠹᠠᠶᠢᠯ ᠬᠡᠯᠪᠡᠷᠢ ᠪᠡᠷ ᠥᠭᠬᠦ᠂ ᠮᠥᠨ ᠢᠨᠲᠸᠷᠨᠧᠲ ᠠᠰᠢᠭᠯᠠᠬᠤ ᠵᠡᠷᠭᠡ ᠦᠢᠯᠡᠴᠢᠯᠡᠭᠡᠨ ᠦ ᠰᠢᠨᠡᠯᠢᠭ ᠬᠡᠯᠪᠡᠷᠢ ᠶᠢ ᠠᠮᠵᠢᠯᠲᠠᠲᠠᠢ ᠬᠡᠷᠡᠭᠵᠢᠭᠦᠯᠵᠦ ᠪᠠᠶᠢᠨ᠎ᠠ᠃
ᠡᠨᠡ ᠵᠢᠯ ᠲᠤᠰ ᠨᠣᠮ ᠤᠨ ᠰᠠᠩ ᠨᠣᠮ ᠤᠨ ᠹᠣᠨᠳ᠋ ᠍ ᠢᠶᠠᠨ ᠮᠣᠩᠭᠣᠯ᠂ ᠠᠩᠭᠯᠢ᠂ ᠣᠷᠣᠰ᠂ ᠲᠥᠪᠡᠳ ᠬᠡᠯᠡ ᠪᠡᠷ ᠭᠠᠷᠤᠭᠰᠠᠨ 3000 ᠭᠠᠷᠤᠢ ᠪᠣᠲᠢ ᠨᠣᠮ ᠢᠶᠠᠷ ᠪᠠᠶᠠᠵᠢᠭᠤᠯᠵᠠᠢ᠃ ᠥᠨᠥᠳᠥᠷ ᠦᠨ ᠪᠠᠶᠢᠳᠠᠯ ᠢᠶᠠᠷ ᠨᠣᠮ ᠤᠨ ᠰᠠᠩ ᠤᠨ ᠲᠠᠩᠬᠢᠮ ᠢᠶᠠᠷ ᠪᠠᠶᠢᠩᠭᠤ ᠶᠢᠨ ᠦᠢᠯᠡᠴᠢᠯᠡᠭᠦᠯᠳᠡᠭ ᠺᠠᠷᠲ ᠪᠦᠬᠦᠢ 150 ᠭᠠᠷᠤᠢ ᠢᠷᠭᠡᠨ ᠪᠠᠶᠢᠳᠠᠭ ᠪᠠᠶᠢᠨ᠎ᠠ᠃ ᠰᠣᠨᠢᠷᠬᠠᠭᠤᠯᠬᠤ ᠳᠤ᠂ ᠡᠨᠡ ᠵᠢᠯ ᠪᠡᠭᠵᠡ ᠶᠢᠨ ᠶᠠᠪᠤᠭᠤᠬᠤᠯᠠᠩ  ᠤᠨ ᠮᠡᠨᠳᠦᠯᠡᠭᠰᠡᠨ ᠦ 90 ᠵᠢᠯ ᠦᠨ ᠣᠢ ᠲᠣᠬᠢᠶᠠᠵᠤ ᠪᠠᠶᠢᠭ᠎ᠠ ᠪᠥᠭᠡᠳ ᠲᠤᠰ ᠨᠣᠮ ᠤᠨ ᠰᠠᠩ ᠠᠴᠠ ᠰᠠᠷ᠎ᠠ᠂ ᠳᠣᠯᠣᠭ᠎ᠠ ᠬᠣᠨᠣᠭ ᠪᠦᠷᠢ ᠨᠣᠮ ᠤᠨ ᠰᠡᠳᠦᠪ ᠪᠦᠷᠢ ᠪᠡᠷ ᠦᠢᠯᠡ ᠠᠵᠢᠯᠯᠠᠭ᠎ᠠ ᠶᠢ ᠬᠡᠦᠬᠡᠳ ᠵᠠᠯᠠᠭᠤᠴᠤᠳ ᠤᠨ ᠳᠤᠮᠳᠠ ᠶᠠᠪᠤᠭᠤᠯᠵᠤ ᠡᠬᠢᠯᠡᠵᠡᠢ᠃

ᠰᠡᠳᠬᠢᠭᠳᠡᠯ ᠦᠯᠡᠳᠡᠭᠡᠬᠦ