ᠵᠠᠰᠠᠭ ᠤᠨ ᠭᠠᠵᠠᠷ ᠲᠤ ︽49 ᠬᠤᠪᠢ︾ ᠶᠢ ᠠᠪᠬᠤ ᠪᠣᠯᠤᠮᠵᠢ ᠪᠠᠶᠢᠭ᠎ᠠ ᠦᠭᠡᠢ | News.MN

ᠵᠠᠰᠠᠭ ᠤᠨ ᠭᠠᠵᠠᠷ ᠲᠤ ︽49 ᠬᠤᠪᠢ︾ ᠶᠢ ᠠᠪᠬᠤ ᠪᠣᠯᠤᠮᠵᠢ ᠪᠠᠶᠢᠭ᠎ᠠ ᠦᠭᠡᠢ

ᠡᠷᠳᠡᠨᠢᠲᠦ ᠦᠢᠯᠡᠳᠪᠦᠷᠢ ᠶᠢᠨ 49 ᠬᠤᠪᠢ ᠶᠢ ︽ᠮᠣᠩᠭᠣᠯ ᠤᠨ ᠵᠡᠰ︾ ᠺᠤᠷᠫᠤᠷᠠᠼ ᠬᠤᠳᠠᠯᠳᠤᠨ ᠠᠪᠤᠭᠰᠠᠨ ᠠᠰᠠᠭᠤᠳᠠᠯ ᠤᠨ ᠲᠠᠯ᠎ᠠ ᠪᠠᠷ ᠥᠨᠥᠳᠥᠷ ᠤᠯᠤᠰ ᠤᠨ ᠶᠡᠬᠡ ᠬᠤᠷᠠᠯ ᠳ᠋ᠡᠬᠢ  ᠠᠷᠠᠳᠴᠢᠯᠠᠭᠰᠠᠨ ᠨᠠᠮ ᠤᠨ ᠪᠦᠯᠦᠭ ᠦᠨ ᠳᠠᠷᠤᠭ᠎ᠠ ᠳ∙ᠡᠷᠳᠡᠨᠢᠪᠠᠲᠤ ᠠᠯᠪᠠᠨ ᠶᠣᠰᠣᠨ ᠤ ᠲᠠᠶᠢᠯᠪᠤᠷᠢ ᠬᠢᠯ᠎ᠡ᠃ ᠲᠡᠷᠡ ᠪᠡᠷ᠄ ᠵᠠᠰᠠᠭ ᠤᠨ ᠭᠠᠵᠠᠷ ᠤᠨ 2016 ᠣᠨ ᠤ  ᠵᠢᠷᠭᠤᠳᠤᠭᠠᠷ ᠰᠠᠷ᠎ᠠ ᠶᠢᠨ 09  ᠤ ᠬᠤᠷᠠᠯᠳᠤᠭᠠᠨ ᠤ ᠲᠡᠮᠳᠡᠭᠯᠡᠯ ᠢ ᠨᠢᠭᠤᠴᠠ ᠶᠢᠨ ᠵᠡᠷᠭᠡᠯᠡᠯ ᠡᠴᠡ ᠭᠠᠷᠭᠠᠭᠰᠠᠨ᠃ ᠲᠤᠬᠠᠢ ᠶᠢᠨ ᠦᠶ᠎ᠡ ᠳᠦ ᠮᠢᠨᠦ ᠪᠡᠶ᠎ᠡ ᠠᠵᠤ ᠦᠢᠯᠡᠳᠪᠦᠷᠢ ᠶᠢᠨ ᠰᠠᠶᠢᠳ ᠢᠶᠠᠷ ᠠᠵᠢᠯᠯᠠᠵᠤ ᠪᠠᠶᠢᠬᠤ ᠳᠤ ᠪᠠᠨ ᠡᠷᠳᠡᠨᠢᠲᠦ ᠦᠢᠯᠡᠳᠪᠦᠷᠢ ᠶᠢᠨ 49  ᠶᠢᠨ ᠬᠤᠪᠢ ᠲᠠᠢ ᠬᠤᠯᠪᠤᠭ᠎ᠠ ᠲᠠᠢ ᠠᠰᠠᠭᠤᠳᠠᠯ ᠢ ᠵᠠᠰᠠᠭ ᠤᠨ ᠭᠠᠵᠠᠷ ᠲᠤ ᠲᠠᠨᠢᠯᠴᠠᠭᠤᠯᠤᠭᠰᠠᠨ ᠶᠤᠮ᠃ ᠣᠷᠣᠰ ᠤᠨ ᠷᠤᠰᠲᠸᠾ ᠺᠣᠮᠫᠠᠨᠢ ᠶᠢᠨ ᠵᠠᠬᠢᠷᠤᠯ ᠠᠴᠠ 2016 ᠣᠨ ᠤ ᠵᠢᠷᠭᠤᠳᠤᠭᠠᠷ ᠰᠠᠷ᠎ᠠ ᠶᠢᠨ 01᠍ ᠳᠦ ᠢᠷᠡᠭᠦᠯᠦᠭᠰᠡᠨ ᠪᠢᠴᠢᠭ ᠲᠦ ᠣᠷᠣᠰ ᠤᠨ ᠤᠯᠤᠰ ᠤᠨ ᠡᠵᠡᠮᠰᠢᠯ ᠦᠨ 49 ᠬᠤᠪᠢ ᠶᠢ ᠬᠤᠳᠠᠯᠳᠤᠨ ᠠᠪᠬᠤ ᠲᠥᠯᠥᠪᠦᠷᠢ ᠶᠢ ᠠᠵᠢᠯ ᠤᠨ 12 ᠬᠣᠨᠣᠭ ᠤᠨ ᠳᠣᠲᠣᠷ᠎ᠠ ᠰᠢᠯᠵᠢᠭᠦᠯᠬᠦ ᠶᠣᠰᠣᠲᠠᠢ ᠬᠡᠮᠡᠨ ᠳᠤᠷᠠᠳᠤᠭᠰᠠᠨ ᠪᠠᠶᠢᠭ᠎ᠠ᠃    ᠲᠤᠬᠠᠢ ᠶᠢᠨ ᠦᠶ᠎ᠡ ᠳᠦ ᠠᠵᠢᠯ ᠤᠨ 12 ᠬᠣᠨᠣᠭ ᠤᠨ ᠳᠣᠲᠣᠷ᠎ᠠ 400 ᠰᠠᠶ᠎ᠠ ᠳ᠋ᠣᠯᠯᠠᠷ ᠪᠣᠰᠬᠠᠬᠤ ᠪᠣᠯᠤᠮᠵᠢ ᠮᠣᠩᠭᠣᠯ ᠤᠨ ᠲᠥᠷᠥ ᠳᠦ ᠪᠠᠶᠢᠭ᠎ᠠ ᠦᠭᠡᠢ ᠃ ︽ᠡᠷᠳᠡᠨᠢᠲᠦ ᠦᠢᠯᠡᠳᠪᠦᠷᠢ︾ 2016 ᠣᠨ ᠳᠤ ᠤᠯᠤᠰ ᠤᠨ ᠲᠥᠰᠥᠪ ᠲᠦ 70 ᠲᠡᠷᠪᠤᠮ ᠲᠥᠭᠥᠷᠢᠭ ᠦᠨ ᠲᠠᠲᠠᠪᠤᠷᠢ ᠲᠥᠯᠦᠵᠦ ᠪᠠᠶᠢᠭᠰᠠᠨ ᠪᠣᠯ 49 ᠬᠤᠪᠢ ᠶᠢ ᠮᠣᠩᠭᠣᠯ ᠤᠨ ᠺᠣᠮᠫᠠᠨᠢ ᠠᠪᠤᠭᠰᠠᠨ ᠤ ᠳᠠᠷᠠᠭ᠎ᠠ ᠪᠤᠶᠤ 2018 ᠣᠨ ᠳᠤ ᠲᠠᠲᠠᠪᠤᠷᠢ ᠲᠥᠯᠦᠯᠲᠡ ᠶᠢᠰᠦ ᠳᠠᠬᠢᠨ ᠥᠰᠦᠭᠰᠡᠨ᠃ ᠲᠡᠶᠢᠮᠦ ᠡᠴᠡ ︽ᠡᠷᠳᠡᠨᠢᠲᠦ ᠦᠢᠯᠡᠳᠪᠦᠷᠢ︾ ᠶᠢᠨ 49 ᠬᠤᠪᠢ ᠶᠢ ᠤᠯᠤᠰ ᠲᠥᠷᠦᠵᠢᠭᠦᠯᠬᠦ ᠪᠤᠰᠤ ᠡᠳ᠋ ᠦᠨ ᠵᠠᠰᠠᠭ ᠤᠨ ᠦᠷ᠎ᠡ ᠦᠭᠭᠦᠭᠡᠵᠢ ᠲᠠᠯ᠎ᠠ ᠠᠴᠠ ᠨᠢ ᠬᠠᠷᠠᠬᠤ ᠨᠢ ᠵᠥᠪ ᠶᠤᠮ ᠭᠡᠯ᠎ᠡ᠃  ︽ᠡᠷᠳᠡᠨᠢᠲᠦ ᠦᠢᠯᠡᠳᠪᠦᠷᠢ︾ ᠶᠢᠨ 49  ᠬᠤᠪᠢ ᠶᠢ ᠣᠷᠣᠰ  ᠠᠴᠠ ᠬᠤᠳᠠᠯᠳᠤᠨ ᠠᠪᠬᠤ ᠳᠠᠪᠠᠭᠤ ᠡᠷᠬᠡ ᠡᠴᠡ ᠪᠡᠨ ᠲᠠᠲᠠᠭᠠᠯᠵᠠᠵᠤ᠂  ︽ᠮᠣᠩᠭᠣᠯ ᠤᠨ ᠵᠡᠰ︾ᠺᠤᠷᠫᠤᠷᠠᠼ ᠲᠤ ᠣᠯᠭᠤᠭᠰᠠᠨ ᠨᠢ ᠮᠥᠩᠭᠥ ᠤᠬᠢᠶᠠᠬᠤ ᠭᠡᠮᠲᠦ ᠬᠡᠷᠡᠭ ᠦᠨ ᠰᠢᠨᠵᠢᠲᠡᠢ ᠦᠢᠯᠡᠳᠦᠯ ᠪᠠᠶᠢᠵᠤ ᠪᠣᠯᠵᠣᠰᠢ ᠦᠭᠡᠢ ᠬᠡᠮᠡᠨ ᠦᠵᠡᠵᠦ᠂  ᠠᠪᠯᠢᠭ᠎ᠠ ᠲᠠᠢ ᠲᠡᠮᠡᠴᠡᠬᠦ ᠭᠠᠵᠠᠷ᠂ ᠴᠠᠭᠳᠠᠭ᠎ᠠ ᠶᠢᠨ ᠶᠡᠷᠦᠩᠬᠡᠢ ᠭᠠᠵᠠᠷ ᠠᠴᠠ ᠮᠥᠷᠳᠡᠨ ᠪᠠᠶᠢᠴᠠᠭᠠᠯᠲᠠ ᠶᠠᠪᠤᠭᠤᠯᠵᠤ ᠪᠠᠶᠢᠨ᠎ᠠ᠃

ᠰᠡᠳᠬᠢᠭᠳᠡᠯ ᠦᠯᠡᠳᠡᠭᠡᠬᠦ