ᠬᠡᠲᠦ ᠬᠥᠩᠭᠡᠨ ᠠᠭᠠᠷ ᠤᠨ ᠬᠦᠯᠭᠡ ᠤᠭᠰᠠᠷᠠᠬᠤ ᠰᠠᠨᠠᠯ ᠢᠷᠡᠵᠡᠢ | News.MN

ᠬᠡᠲᠦ ᠬᠥᠩᠭᠡᠨ ᠠᠭᠠᠷ ᠤᠨ ᠬᠦᠯᠭᠡ ᠤᠭᠰᠠᠷᠠᠬᠤ ᠰᠠᠨᠠᠯ ᠢᠷᠡᠵᠡᠢ

2018 ᠣᠨ ᠤ ᠠᠷᠪᠠᠳᠤᠭᠠᠷ ᠰᠠᠷ᠎ᠠ ᠳᠤ ᠰᠯᠣᠸᠧᠨᠢ ᠤᠯᠤᠰ ᠤᠨ ᠫᠢᠫᠢᠰᠲᠷᠧᠯ ᠺᠣᠮᠫᠠᠨᠢ ᠮᠣᠩᠭᠣᠯ ᠤᠯᠤᠰ ᠤᠨ ᠢᠷᠭᠡᠨ ᠦ ᠨᠢᠰᠬᠦ ᠶᠢᠨ ᠶᠡᠷᠦᠩᠬᠡᠢ ᠭᠠᠵᠠᠷ ᠲᠤ ᠮᠣᠩᠭᠣᠯ ᠤᠯᠤᠰ ᠲᠤ ᠣᠷᠴᠢᠨ ᠦᠶ᠎ᠡ ᠶᠢᠨ ᠬᠡᠲᠦ ᠬᠥᠩᠭᠡᠨ ᠠᠭᠠᠷ ᠤᠨ ᠬᠦᠯᠭᠡ ᠤᠭᠰᠠᠷᠠᠬᠤ ᠰᠠᠨᠠᠯ ᠢ ᠢᠷᠡᠭᠦᠯᠵᠦ ᠪᠠᠶᠢᠪᠠ᠃ ᠮᠣᠩᠭᠣᠯ ᠤᠯᠤᠰ ᠲᠤ ᠫᠢᠫᠢᠰᠲᠷᠧᠯ ᠠᠭᠠᠷ ᠤᠨ ᠬᠥᠯᠭᠡ ᠤᠭᠰᠠᠷᠠᠬᠤ᠂ ᠭᠠᠳᠠᠭᠠᠳᠤ ᠣᠷᠣᠨ ᠨᠤᠭᠤᠳ ᠲᠤ ᠡᠺᠰᠫᠤᠷᠲᠯᠤᠬᠤ ᠂ ᠰᠡᠯᠪᠢᠭ ᠬᠡᠷᠡᠭᠰᠡᠯ ᠢ ᠨᠡᠶᠢᠯᠡᠭᠦᠯᠬᠦ ᠲᠠᠯ᠎ᠠ ᠪᠠᠷ ᠲᠤᠰ ᠺᠣᠮᠫᠠᠨᠢ ᠠᠴᠠ ᠢᠷᠡᠭᠦᠯᠦᠭᠰᠡᠨ ᠰᠠᠨᠠᠯ ᠤᠨ ᠬᠦᠷᠢᠶᠡᠨ ᠳᠦ ᠮᠠᠨ ᠤ ᠤᠯᠤᠰ ᠤᠨ ᠢᠷᠭᠡᠨ ᠦ ᠨᠢᠰᠬᠦ ᠶᠢᠨ ᠶᠡᠷᠦᠩᠬᠡᠢ ᠭᠠᠵᠠᠷ ᠪᠣᠯᠤᠨ ᠮᠣᠩᠭᠣᠯ ᠤᠨ ᠢᠷᠭᠡᠨ ᠦ ᠠᠭᠠᠷ ᠤᠨ ᠲᠡᠭᠡᠭᠡᠪᠦᠷᠢ ᠲᠥᠷᠥ ᠶᠢᠨ ᠥᠮᠴᠢ ᠶᠢᠨ ᠬᠤᠪᠢᠴᠠᠭᠠᠲᠤ ᠺᠣᠮᠫᠠᠨᠢ ᠶᠢᠨ ᠠᠭᠠᠷ ᠤᠨ ᠬᠥᠯᠭᠡ ᠶᠢᠨ ᠵᠠᠰᠠᠪᠤᠷᠢ ᠦᠢᠯᠡᠴᠢᠯᠡᠭᠡᠨ ᠦ ᠭᠠᠵᠠᠷ ᠤᠨ ᠲᠥᠯᠥᠭᠡᠯᠡᠯ ᠦᠳ ᠥᠩᠭᠡᠷᠡᠭᠰᠡᠨ ᠰᠠᠷ᠎ᠠ ᠳᠤ ᠫᠢᠫᠢᠰᠲᠷᠧᠯ ᠠᠭᠠᠷ ᠤᠨ ᠬᠥᠯᠭᠡ ᠶᠢᠨ ᠦᠢᠯᠡᠳᠪᠦᠷᠢᠯᠡᠯ᠂ ᠦᠢᠯᠡ ᠠᠵᠢᠯᠯᠠᠭ᠎ᠠ ᠲᠠᠢ ᠲᠠᠨᠢᠯᠴᠠᠵᠤ᠂ ᠮᠣᠩᠭᠣᠯ ᠤᠯᠤᠰ ᠲᠤ Pipistrel Virus SW-121 ᠬᠥᠯᠭᠡ ᠶᠢ ᠤᠭᠰᠠᠷᠠᠬᠤ᠂ ᠨᠢᠰᠬᠦ ᠶᠢᠨ ᠰᠤᠷᠭᠠᠯᠲᠠ ᠶᠢᠨ ᠪᠠᠶᠢᠭᠤᠯᠤᠯᠭ᠎ᠠ ᠪᠠᠶᠢᠭᠤᠯᠬᠤ ᠲᠥᠰᠥᠯ ᠦᠨ ᠰᠠᠨᠠᠯ ᠲᠠᠢ ᠲᠠᠨᠢᠯᠴᠠᠵᠤ᠂ ᠬᠠᠷᠢᠯᠴᠠᠨ ᠰᠠᠨᠠᠯ ᠰᠣᠯᠢᠯᠴᠠᠵᠠᠢ᠃
ᠮᠣᠩᠭᠣᠯ ᠤᠯᠤᠰ ᠲᠤ ᠣᠷᠴᠢᠨ ᠦᠶ᠎ᠡ ᠶᠢᠨ ᠪᠠᠭ᠎ᠠ ᠣᠪᠣᠷ ᠤᠨ ᠠᠭᠠᠷ ᠤᠨ ᠬᠥᠯᠭᠡ  ᠤᠭᠰᠠᠷᠠᠬᠤ ᠰᠠᠨᠠᠯ ᠢ ᠬᠦᠯᠢᠶᠡᠨ ᠠᠪᠤᠭᠰᠠᠨ ᠢᠶᠠᠷ ᠬᠥᠰᠢᠭ ᠦᠨ ᠬᠥᠨᠳᠡᠢ ᠶᠢᠨ ᠨᠢᠰᠬᠦ ᠣᠩᠭᠣᠴᠠᠨ ᠤ ᠰᠢᠨ᠎ᠡ ᠪᠠᠭᠤᠳᠠᠯ ᠠᠰᠢᠭᠯᠠᠯᠲᠠ ᠳᠤ ᠣᠷᠣᠭᠰᠠᠨ ᠤ ᠳᠠᠷᠠᠭ᠎ᠠ ᠪᠠᠷ ᠪᠤᠶᠠᠨᠲᠤ ᠬᠤᠸᠠ ᠳ᠋ᠡᠬᠢ ᠨᠢᠰᠬᠦ ᠪᠠᠭᠤᠳᠠᠯ ᠳᠤ ᠪᠠᠭ᠎ᠠ ᠣᠪᠣᠷ ᠤᠨ ᠠᠭᠠᠷ ᠤᠨ ᠬᠥᠯᠭᠡ ᠶᠢᠨ ᠤᠭᠰᠠᠷᠠᠯᠲᠠ᠂ ᠦᠢᠯᠡᠳᠪᠦᠷᠢᠯᠡᠯ ᠢ ᠡᠬᠢᠯᠡᠭᠦᠯᠬᠦ᠂ ᠳᠣᠲᠣᠭᠠᠳᠤ ᠳᠤ ᠪᠠᠨ ᠨᠢᠰᠬᠡᠭᠴᠢ ᠪᠡᠯᠡᠳᠬᠡᠬᠦ ᠰᠤᠷᠭᠠᠯᠲᠠ ᠶᠠᠪᠤᠭᠤᠯᠬᠤ ᠵᠡᠷᠭᠡ ᠨᠡᠶᠢᠭᠡᠮ ᠡᠳ᠋ ᠍ ᠦᠨ ᠵᠠᠰᠠᠭ ᠤᠨ ᠴᠢᠬᠤᠯᠠ ᠠᠴᠢ ᠬᠣᠯᠪᠣᠭᠳᠠᠯ ᠲᠠᠢ ᠲᠠᠯ᠎ᠠ ᠪᠠᠷ ᠢᠷᠭᠡᠨ ᠦ ᠨᠢᠰᠬᠦ ᠶᠢᠨ ᠶᠡᠷᠦᠩᠬᠡᠢ ᠭᠠᠵᠠᠷ ᠮᠡᠳᠡᠭᠡᠯᠡᠯ᠎ᠡ᠃

ᠰᠡᠳᠬᠢᠭᠳᠡᠯ ᠦᠯᠡᠳᠡᠭᠡᠬᠦ