︽ᠡᠷᠡᠭᠦᠦ ᠶᠢᠨ ᠬᠡᠷᠡᠭ ᠬᠢᠨᠠᠨ ᠰᠢᠢᠳᠪᠦᠷᠢᠯᠡᠬᠦ ᠲᠤᠬᠠᠢ︾ ᠬᠠᠤᠯᠢ ᠳᠤ ᠠᠩᠬᠠᠨ ᠱᠠᠲᠤᠨ ᠤ ᠰᠢᠭᠦᠬᠦ ᠶᠢᠨ ᠰᠢᠢᠳᠪᠦᠷᠢ ᠶᠢ ᠡᠰᠡ ᠵᠦᠪᠰᠢᠶᠡᠷᠡᠵᠦ ᠂ ᠳᠡᠭᠡᠳᠦ ᠱᠠᠲᠤᠨ ᠤ ᠰᠢᠭᠦᠬᠦ ᠳᠦ ᠭᠣᠮᠣᠳᠠᠯ ᠭᠠᠷᠭᠠᠬᠤ ᠳᠤ ᠠᠩᠬᠠᠨ ᠱᠠᠲᠤᠨ ᠤ ᠰᠢᠭᠦᠬᠦ ᠡᠴᠡ ᠣᠨᠣᠭᠠᠭᠰᠠᠨ ᠶᠠᠯ᠎ᠠ ᠠᠴᠠ ᠢᠯᠡᠭᠦᠦ ᠬᠦᠨᠳᠦ ᠶᠠᠯ᠎ᠠ ᠣᠨᠣᠭᠠᠬᠤ᠂ ᠡᠷᠬᠡ ᠵᠦᠢ ᠶᠢᠨ ᠪᠠᠶᠢᠳᠠᠯ ᠢ ᠳᠣᠣᠷᠠᠳᠠᠭᠤᠯᠵᠤ ᠮᠡᠳᠡᠬᠦ ᠪᠡᠷ ᠵᠣᠬᠢᠴᠠᠭᠤᠯᠤᠭᠰᠠᠨ ᠨᠢ ᠦᠨᠳᠦᠰᠦᠨ ᠬᠠᠤᠯᠢ ᠶᠢᠨ ᠬᠤᠯᠪᠤᠭᠳᠠᠬᠤ ᠵᠢᠭᠠᠯᠲᠠ ᠶᠢ ᠵᠥᠷᠢᠴᠡᠭᠰᠡᠨ ᠪᠠᠶᠢᠨ᠎ᠠ ᠭᠡᠰᠡᠨ ᠳ᠋ᠦᠩᠨᠡᠯᠲᠡ ᠶᠢ ᠦᠨᠳᠦᠰᠦᠨ ᠬᠠᠤᠯᠢ ᠶᠢᠨ ᠰᠡᠴᠡ ᠶᠢᠨ ᠥᠨᠥᠳᠥᠷ ᠦᠨ ᠳᠤᠮᠳᠠ ᠰᠠᠭᠤᠳᠠᠯ ᠤᠨ ᠬᠤᠷᠠᠯᠳᠤᠭᠠᠨ ᠠᠴᠠ ᠭᠠᠷᠭᠠᠯ᠎ᠠ᠃
︽ᠡᠷᠡᠭᠦᠦ ᠶᠢᠨ ᠬᠡᠷᠡᠭ ᠬᠢᠨᠠᠨ ᠰᠢᠢᠳᠪᠦᠷᠢᠯᠡᠬᠦ ᠲᠤᠬᠠᠢ︾ ᠬᠠᠤᠯᠢ ᠶᠢᠨ 39.1 ᠳ᠋ᠤᠭᠡᠷ ᠵᠦᠢᠯ ᠦᠨ ᠳᠦᠷᠪᠡᠳᠡᠬᠢ ᠬᠡᠰᠡᠭ ᠲᠦ᠄ ᠳᠠᠪᠠᠵᠤ ᠵᠠᠭᠠᠯᠳᠤᠬᠤ ᠱᠠᠲᠤᠨ ᠤ ᠰᠢᠭᠦᠬᠦ ᠰᠢᠭᠦᠭᠳᠡᠭᠴᠢ ᠳᠦ ᠬᠣᠯᠪᠣᠭᠳᠠᠬᠤ ᠬᠡᠷᠡᠭ ᠦᠨ ᠵᠦᠢᠯᠴᠢᠯᠡᠯ ᠢ ᠥᠭᠡᠷᠡᠴᠢᠯᠡᠨ ᠶᠠᠯ᠎ᠠ ᠶᠢ ᠬᠥᠩᠭᠡᠷᠡᠭᠦᠯᠵᠦ᠂ ᠡᠰᠡᠬᠦᠯ᠎ᠡ ᠰᠢᠭᠦᠭᠳᠡᠭᠴᠢ ᠳᠦ ᠬᠣᠯᠪᠣᠭᠳᠠᠬᠤ ᠬᠡᠷᠡᠭ ᠦᠨ ᠨᠥᠬᠥᠴᠡᠯ ᠪᠠᠶᠢᠳᠠᠯ᠂ ᠵᠦᠢᠯᠴᠢᠯᠡᠯ ᠢ ᠦᠭᠡᠷᠡᠴᠢᠯᠡᠬᠦ ᠦᠭᠡᠢ ᠪᠡᠷ ᠶᠠᠯ᠎ᠠ ᠶᠢ ᠬᠥᠩᠭᠡᠷᠡᠭᠦᠯᠵᠦ᠂ ᠬᠦᠨᠳᠦᠷᠡᠭᠦᠯᠵᠦ ᠪᠣᠯᠤᠨ᠎ᠠ ᠭᠡᠵᠦ ᠵᠢᠭᠠᠭᠰᠠᠨ ᠤ ︽᠁ ᠬᠦᠨᠳᠦᠷᠡᠭᠦᠯᠵᠦ ᠁︾ ᠭᠡᠰᠡᠨ ᠢ᠂ 39.9 ᠳ᠋ᠤᠭᠡᠷ ᠵᠦᠢᠯ ᠦᠨ ᠨᠢᠭᠡᠳᠡᠬᠢ ᠬᠡᠰᠡᠭ ᠦᠨ 1.4 ᠳ᠋ᠡᠬᠢ ᠵᠢᠭᠠᠯᠲᠠ ᠳᠤ ︽ᠰᠢᠭᠦᠭᠳᠡᠭᠴᠢ ᠳᠦ ᠬᠣᠯᠪᠣᠭᠳᠠᠬᠤ ᠬᠡᠷᠡᠭ ᠦᠨ ᠨᠥᠬᠥᠴᠡᠯ ᠪᠠᠶᠢᠳᠠᠯ᠂ ᠵᠦᠢᠯᠴᠢᠯᠡᠯ ᠢ ᠦᠭᠡᠷᠡᠴᠢᠯᠡᠬᠦ ᠦᠭᠡᠢ ᠪᠡᠷ ᠶᠠᠯ᠎ᠠ ᠶᠢ ᠬᠥᠩᠭᠡᠷᠡᠭᠦᠯᠵᠦ᠂ ᠡᠰᠡᠬᠦᠯ᠎ᠡ ᠬᠦᠨᠳᠦᠷᠡᠭᠦᠯᠵᠦ ᠰᠢᠭᠦᠬᠦ ᠶᠢᠨ ᠰᠢᠢᠳᠪᠤᠷᠢ ᠳᠤ ᠥᠭᠡᠷᠡᠴᠢᠯᠡᠯᠲᠡ ᠤᠷᠤᠭᠤᠯᠬᠤ︾ ᠭᠡᠵᠦ ᠵᠢᠭᠠᠭᠰᠠᠨ ᠤ ︽ ᠁ ᠡᠰᠡᠬᠦᠯ᠎ᠡ ᠬᠦᠨᠳᠦᠷᠡᠭᠦᠯᠵᠦ ᠁︾ ᠭᠡᠰᠡᠨ ᠢ᠂ 40.8 ᠳ᠋ᠤᠭᠠᠷ ᠵᠦᠢᠯ ᠦᠨ ᠨᠢᠭᠡᠳᠡᠬᠢᠬᠡᠰᠡᠭ ᠦᠨ 1.4 ᠳ᠋ᠡᠬᠢ ᠵᠢᠭᠠᠯᠲᠠ ᠳᠤ ︽ᠰᠢᠭᠦᠭᠳᠡᠭᠴᠢ ᠳᠦ ᠬᠣᠯᠪᠣᠭᠳᠠᠬᠤ ᠬᠡᠷᠡᠭ ᠦᠨ ᠨᠥᠬᠥᠴᠡᠯ ᠪᠠᠶᠢᠳᠠᠯ᠂ ᠵᠦᠢᠯᠴᠢᠯᠡᠯ ᠢ ᠦᠭᠡᠷᠡᠴᠢᠯᠡᠬᠦ ᠦᠭᠡᠢ ᠪᠡᠷ ᠶᠠᠯ᠎ᠠ ᠶᠢ ᠬᠥᠩᠭᠡᠷᠡᠭᠦᠯᠵᠦ᠂ ᠡᠰᠡᠬᠦᠯ᠎ᠡ ᠬᠦᠨᠳᠦᠷᠡᠭᠦᠯᠵᠦ ᠰᠢᠭᠦᠬᠦ ᠶᠢᠨ ᠰᠢᠢᠳᠪᠤᠷᠢ ᠳᠤ ᠥᠭᠡᠷᠡᠴᠢᠯᠡᠯᠲᠡ ᠤᠷᠤᠭᠤᠯᠬᠤ ︾ ᠭᠡᠵᠦ ᠵᠢᠭᠠᠭᠰᠠᠨ ᠤ ︽ ᠁ ᠡᠰᠡᠬᠦᠯ᠎ᠡ ᠬᠦᠨᠳᠦᠷᠡᠭᠦᠯᠵᠦ ᠁︾ ᠭᠡᠰᠡᠨ ᠢ 2019 ᠣᠨ ᠤ 3 ᠳ᠋ᠤᠭᠠᠷ ᠰᠠᠷ᠎ᠠ ᠶᠢᠨ 13 ᠍ ᠤ ᠡᠳᠦᠷ ᠡᠴᠡ ᠡᠬᠢᠯᠡᠨ ᠲᠦᠳᠡᠭᠡᠯᠵᠡᠭᠦᠯᠪᠡ᠂