ᠤᠯᠤᠰ ᠤᠨ ᠶᠡᠬᠡ ᠬᠤᠷᠠᠯ ᠤᠨ 24 ᠭᠡᠰᠢᠭᠦᠨ ᠭᠠᠳᠠᠭᠠᠳᠤ ᠳᠤ ᠪᠠᠶᠢᠨ᠎ᠠ | News.MN

ᠤᠯᠤᠰ ᠤᠨ ᠶᠡᠬᠡ ᠬᠤᠷᠠᠯ ᠤᠨ 24 ᠭᠡᠰᠢᠭᠦᠨ ᠭᠠᠳᠠᠭᠠᠳᠤ ᠳᠤ ᠪᠠᠶᠢᠨ᠎ᠠ

ᠢᠷᠡᠬᠦ ᠳᠣᠯᠣᠭ᠎ᠠ ᠬᠣᠨᠣᠭ ᠤᠨ ᠳᠠᠸᠠ ᠭᠠᠷᠠᠭ ᠤᠨ 10.00 ᠴᠠᠭ ᠲᠤ ᠤᠯᠤᠰ ᠤᠨ ᠶᠡᠬᠡ ᠬᠤᠷᠠᠯ ᠤᠨ ᠡᠭᠡᠯᠵᠢᠲᠦ ᠪᠤᠰᠤ ᠴᠢᠭᠤᠯᠭᠠᠨ ᠤ ᠬᠤᠷᠠᠯᠳᠤᠭᠠᠨ ᠡᠬᠢᠯᠡᠨ᠎ᠡ᠃ ᠡᠭᠡᠯᠵᠢᠲᠦ ᠪᠤᠰᠤ ᠴᠢᠭᠤᠯᠭᠠᠨ ᠤ ᠬᠤᠷᠠᠯᠳᠤᠭᠠᠨ ᠢᠶᠠᠷ  ᠠᠪᠯᠢᠭ᠎ᠠ ᠲᠠᠢ ᠲᠡᠮᠡᠴᠡᠬᠦ ᠭᠠᠵᠠᠷ  ᠤᠨ ᠳᠠᠷᠤᠭ᠎ᠠ᠂ ᠳᠡᠳ᠋ ᠳᠠᠷᠤᠭ᠎ᠠ᠂ ᠵᠡᠪᠰᠡᠭᠲᠦ ᠬᠦᠴᠦᠨ ᠦ ᠵᠠᠩᠵᠤᠨ ᠱᠲ᠋ᠠᠪ ᠤᠨ ᠳᠠᠷᠤᠭ᠎ᠠ᠂ ᠤᠯᠤᠰ ᠤᠨ ᠶᠡᠷᠦᠩᠬᠡᠢ ᠫᠷᠤᠺᠤᠷᠤᠷ ᠤᠨ ᠣᠷᠣᠯᠠᠭᠴᠢ ᠶᠢ ᠲᠤᠮᠢᠯᠠᠬᠤ ᠲᠤᠬᠠᠢ᠂ ᠲᠠᠲᠠᠪᠤᠷᠢ ᠶᠢᠨ ᠪᠠᠭᠴᠠ ᠬᠠᠤᠯᠢ ᠶᠢᠨ ᠰᠢᠨᠡᠴᠢᠯᠡᠭᠰᠡᠨ ᠨᠠᠶᠢᠷᠠᠭᠤᠯᠭ᠎ᠠ ᠶᠢᠨ ᠲᠥᠰᠥᠯ ᠵᠡᠷᠭᠡ ᠨᠠᠢᠮᠠᠨ ᠠᠰᠠᠭᠤᠳᠠᠯ ᠢ ᠬᠡᠯᠡᠯᠴᠡᠬᠦ ᠶᠤᠮ᠃
ᠥᠨᠥᠳᠥᠷ ᠦᠨ ᠪᠠᠶᠢᠳᠠᠯ ᠢᠶᠠᠷ ᠤᠯᠤᠰ ᠤᠨ ᠶᠡᠬᠡ ᠬᠤᠷᠠᠯ ᠤᠨ 33 ᠭᠡᠰᠢᠭᠦᠨ ᠤᠯᠠᠭᠠᠨᠪᠠᠭᠠᠲᠤᠷ ᠲᠤ᠂ ᠲᠠᠪᠤᠨ ᠭᠡᠰᠢᠭᠦᠨ ᠣᠷᠣᠨ ᠨᠤᠲᠤᠭ ᠲᠤ ᠠᠵᠢᠯᠯᠠᠵᠤ ᠪᠠᠶᠢᠨ᠎ᠠ᠃ ᠬᠠᠷᠢᠨ 24 ᠭᠡᠰᠢᠭᠦᠨ ᠭᠠᠳᠠᠭᠠᠳᠤ ᠳᠤ ᠶᠠᠪᠤᠭ᠎ᠠ ᠠᠴᠠ 18 ᠨᠢ ᠲᠣᠮᠢᠯᠠᠯᠲᠠ ᠲᠠᠢ ᠪᠠᠶᠢᠭ᠎ᠠ ᠶᠤᠮ ᠃
ᠤᠯᠤᠰ ᠤᠨ ᠶᠡᠬᠡ ᠬᠤᠷᠠᠯ ᠤᠨ ᠳᠠᠷᠤᠭ᠎ᠠ ᠭ∙ ᠽᠠᠨᠳᠠᠨᠰᠢᠲᠠᠷ᠎ᠠ ᠰᠸᠢᠰ ᠤᠨ ᠬᠣᠯᠪᠣᠭᠠᠨ ᠤ ᠤᠯᠤᠰ ᠲᠤ ᠠᠶᠢᠯᠴᠢᠯᠠᠵᠤ ᠪᠤᠢ ᠪᠥᠭᠡᠳ ᠠᠶᠢᠯᠴᠢᠯᠠᠯ ᠤᠨ ᠪᠦᠷᠢᠯᠳᠦᠬᠦᠨ ᠳᠦ ᠤᠯᠤᠰ ᠤᠨ ᠶᠡᠬᠡ ᠬᠤᠷᠠᠯ  ᠦᠨ ᠭᠡᠰᠢᠭᠦᠨ ᠳ ∙  ᠯᠦᠩᠳᠦᠭᠵᠡᠯᠰᠡᠨ᠂ ᠮ∙ᠣᠶᠤᠨᠴᠢᠮᠡᠭ᠂ ᠼ∙ᠭᠠᠷᠮᠠᠵᠠᠪ ᠂ ᠯ∙ᠪᠣᠯᠣᠳ᠂ ᠪ∙ᠫᠦᠷᠪᠦᠳᠣᠷᠵᠢ᠂ ᠲ∙ᠠᠶᠤᠤᠷᠰᠠᠶᠢᠬᠠᠨ᠂ ᠣ᠊∙ ᠪᠠᠰᠠᠩᠬᠦᠦ ᠨᠠᠷ ᠤᠨ ᠳᠣᠯᠣᠭᠠᠨ ᠭᠡᠰᠢᠭᠦᠨ ᠪᠠᠭᠲᠠᠵᠠᠢ᠃ ᠡᠭᠡᠯᠵᠢᠲᠦ ᠪᠤᠰᠤ ᠴᠢᠭᠤᠯᠭᠠᠨ ᠤ ᠲᠣᠪ ᠢ ᠤᠯᠤᠰ ᠤᠨ ᠶᠡᠬᠡ ᠬᠤᠷᠠᠯ ᠤᠨ ᠭᠡᠰᠢᠭᠦᠳ ᠲᠦ ᠳᠤᠭᠤᠯᠭᠠᠵᠤ ᠂ ᠢᠷᠡᠴᠡ ᠶᠢ ᠪᠦᠷᠢᠳᠦᠭᠦᠯᠬᠦ ᠴᠢᠭᠯᠡᠯ ᠳᠦ ᠤᠯᠤᠰ ᠤᠨ ᠶᠡᠬᠡ ᠬᠤᠷᠠᠯ ᠤᠨ ᠲᠠᠮᠠᠭ᠎ᠠ ᠶᠢᠨ ᠭᠠᠵᠠᠷ ᠤᠨ ᠬᠣᠯᠪᠣᠭᠳᠠᠬᠤ ᠠᠵᠢᠯᠲᠠᠨ ᠨᠤᠭᠤᠳ ᠠᠵᠢᠯᠯᠠᠵᠤ ᠪᠠᠶᠢᠭ᠎ᠠ ᠶᠤᠮ᠃

ᠰᠡᠳᠬᠢᠭᠳᠡᠯ ᠦᠯᠡᠳᠡᠭᠡᠬᠦ