ᠭ∙ᠽᠠᠨᠳᠠᠨᠰᠢᠲᠠᠷ᠎ᠠ ᠶᠢᠨ ᠰᠸᠢᠰ ᠦᠨ ᠠᠶᠢᠯᠴᠢᠯᠠᠯ ᠥᠨᠳᠥᠷᠯᠡᠯ᠎ᠡ | News.MN

ᠭ∙ᠽᠠᠨᠳᠠᠨᠰᠢᠲᠠᠷ᠎ᠠ ᠶᠢᠨ ᠰᠸᠢᠰ ᠦᠨ ᠠᠶᠢᠯᠴᠢᠯᠠᠯ ᠥᠨᠳᠥᠷᠯᠡᠯ᠎ᠡ

ᠰᠸᠢᠰ ᠤᠨ ᠬᠣᠯᠪᠣᠭᠠᠨ ᠤ ᠤᠯᠤᠰ ᠲᠤ ᠠᠯᠪᠠᠨ ᠶᠣᠰᠣᠨ ᠤ ᠠᠶᠢᠯᠴᠢᠯᠠᠯ ᠬᠢᠵᠦ ᠪᠤᠢ ᠮᠣᠩᠭᠣᠯ ᠤᠯᠤᠰ ᠤᠨ ᠶᠡᠬᠡ ᠬᠤᠷᠠᠯ ᠤᠨ ᠳᠠᠷᠤᠭ᠎ᠠ ᠭᠣᠮᠪᠣᠵᠠᠪ ᠤᠨ ᠽᠠᠨᠳᠠᠨᠰᠢᠲᠠᠷ᠎ᠠ ᠳᠤ ᠲᠤᠰ ᠤᠯᠤᠰ ᠤᠨ ᠭᠠᠳᠠᠭᠠᠳᠤ ᠬᠡᠷᠡᠭ ᠦᠨ ᠶᠠᠮᠤᠨ ᠤ ᠲᠥᠷᠥ ᠶᠢᠨ ᠨᠠᠷᠢᠨ ᠪᠢᠴᠢᠭ ᠦᠨ ᠳᠠᠷᠤᠭ᠎ᠠ ᠫᠠᠰᠺᠠᠯ ᠪᠠᠧᠷᠢᠰᠪᠢᠯ᠂ ᠰᠠᠩ ᠤᠨ ᠶᠠᠮᠤᠨ ᠤ ᠲᠥᠷᠥ ᠶᠢᠨ ᠨᠠᠷᠢᠨ ᠪᠢᠴᠢᠭ ᠦᠨ ᠳᠠᠷᠤᠭ᠎ᠠ ᠳ᠋ᠠᠨᠢᠶᠠᠯ ᠰᠲ᠋ᠣᠹᠹᠧᠯ᠂ ᠲᠥᠷᠥ ᠶᠢᠨ ᠵᠥᠪᠯᠡᠯ ᠦᠨ ᠭᠠᠳᠠᠭᠠᠳᠤ ᠬᠠᠷᠢᠯᠴᠠᠭᠠᠨ ᠤ ᠪᠠᠶᠢᠩᠭᠤ ᠶᠢᠨ ᠬᠣᠷᠢᠶᠠᠨ ᠤ ᠳᠠᠷᠤᠭ᠎ᠠ ᠹᠢᠯᠢᠫᠫᠣ ᠯᠣᠮᠪᠠᠷᠳ᠋ ᠨᠠᠷ ᠪᠠᠷᠠᠭᠠᠯᠬᠠᠭᠰᠠᠨ ᠪᠠᠶᠢᠨ᠎ᠠ᠃ ᠠᠭᠤᠯᠵᠠᠯᠲᠠ ᠶᠢᠨ ᠦᠶ᠎ᠡ ᠪᠡᠷ ᠮᠣᠩᠭᠣᠯ ᠤᠯᠤᠰ ᠤᠨ ᠵᠠᠰᠠᠭ ᠤᠨ ᠭᠠᠵᠠᠷ ᠠᠴᠠ ᠪᠠᠲᠤᠯᠠᠭᠰᠠᠨ ᠤᠹᠹᠱᠤᠷ ᠪᠥᠰᠡ ᠶᠢᠨ ᠵᠢᠭᠰᠠᠭᠠᠯᠲᠠ ᠳᠤ  ᠰᠸᠢᠰ  ᠢ ᠣᠷᠣᠭᠤᠯᠤᠭᠰᠠᠨ ᠲᠤᠬᠠᠢ ᠠᠰᠠᠭᠤᠳᠠᠯ ᠬᠥᠨᠳᠡᠭᠳᠡᠭᠰᠡᠨ ᠪᠠᠶᠢᠨ᠎ᠠ᠃
ᠡᠨᠡ ᠲᠠᠯ᠎ᠠ ᠪᠠᠷ ᠭ∙ᠽᠠᠨᠳᠠᠨᠰᠢᠲᠠᠷ᠎ᠠ ᠲᠠᠶᠢᠯᠪᠤᠷᠢᠯᠠᠬᠤ ᠳᠤ ᠪᠠᠨ᠄ ᠡᠨᠡ ᠨᠢ ᠵᠥᠪᠬᠡᠨ ᠲᠥᠷᠥ ᠶᠢᠨ ᠠᠯᠪᠠᠨ ᠬᠠᠭᠠᠭᠴᠢ᠂ ᠤᠯᠤᠰ ᠲᠥᠷᠥ ᠶᠢᠨ ᠥᠨᠳᠥᠷ ᠠᠯᠪᠠᠨ ᠲᠤᠰᠢᠶᠠᠯᠲᠠ ᠨᠤᠭᠤᠳ ᠲᠠᠢ ᠬᠣᠯᠪᠣᠭ᠎ᠠ ᠲᠠᠢ ᠠᠰᠠᠭᠤᠳᠠᠯ ᠶᠤᠮ᠃ ᠤᠯᠤᠰ ᠤᠨ ᠶᠡᠬᠡ ᠬᠤᠷᠠᠯ ᠠᠴᠠ  ᠠᠪᠯᠢᠭ᠎ᠠ ᠲᠠᠢ ᠲᠡᠮᠡᠴᠡᠬᠦ ᠵᠣᠷᠢᠯᠭ᠎ᠠ ᠪᠠᠷ ᠲᠥᠷᠥ ᠶᠢᠨ ᠠᠯᠪᠠᠨ ᠬᠠᠭᠠᠭᠴᠢᠳ ᠪᠣᠯᠤᠨ ᠲᠡᠳᠡᠭᠡᠷ ᠦᠨ ᠬᠠᠮᠢᠶᠠᠷᠤᠯ ᠪᠦᠬᠦᠢ ᠡᠲᠡᠭᠡᠳ ᠦᠳ ᠠᠯᠪᠠᠨ ᠡᠭᠦᠷᠭᠡ ᠭᠦᠢᠴᠡᠳᠭᠡᠬᠦ ᠬᠤᠭᠤᠴᠠᠭᠠᠨ ᠳᠤ ᠪᠠᠨ ᠤᠹᠹᠱᠤᠷ ᠪᠥᠰᠡ ᠳᠦ ᠥᠪᠡᠷ ᠦᠨ ᠨᠡᠷ᠎ᠡ ᠳᠡᠭᠡᠷ᠎ᠡ ᠪᠠᠩᠬᠢᠨ ᠤ ᠳᠠᠩᠰᠠ ᠨᠡᠭᠡᠭᠡᠯᠭᠡᠬᠦ᠂ ᠮᠥᠩᠭᠥᠨ ᠬᠥᠷᠥᠩᠭᠡ ᠪᠠᠶᠢᠷᠢᠰᠢᠭᠤᠯᠬᠤ᠂ ᠬᠥᠳᠡᠯᠬᠦ᠂ ᠦᠯᠦ ᠬᠥᠳᠡᠯᠬᠦ ᠬᠥᠷᠥᠩᠭᠡ ᠥᠮᠴᠢᠯᠡᠬᠦ᠂ ᠬᠤᠪᠢ ᠨᠡᠶᠢᠯᠡᠭᠦᠯᠬᠦ ᠵᠠᠮ ᠢᠶᠠᠷ ᠬᠠᠤᠯᠢ ᠶᠢᠨ ᠡᠲᠡᠭᠡᠳ ᠡᠭᠦᠰᠬᠡᠨ ᠪᠠᠶᠢᠭᠤᠯᠬᠤ ᠶᠢ ᠬᠣᠷᠢᠭᠯᠠᠭᠰᠠᠨ᠃ ᠡᠨᠡ ᠬᠢᠵᠠᠭᠠᠷᠯᠠᠯ ᠡᠷᠬᠡ ᠵᠦᠢ ᠶᠢᠨ ᠲᠤᠰᠠᠯᠠᠯᠴᠠᠭ᠎ᠠ ᠬᠠᠷᠢᠯᠴᠠᠨ ᠦᠵᠡᠭᠦᠯᠬᠦ ᠭᠡᠷ᠎ᠡ ᠪᠠᠶᠢᠭᠤᠯᠤᠭ᠎ᠠ ᠦᠭᠡᠢ ᠤᠯᠤᠰ ᠣᠷᠣᠨ ᠨᠤᠭᠤᠳ ᠲᠤ ᠵᠣᠩᠬᠢᠯᠠᠨ ᠬᠠᠮᠢᠶᠠᠷᠴᠦ ᠪᠠᠶᠢᠭ᠎ᠠ᠃ ᠵᠢᠭᠰᠠᠭᠠᠯᠲᠠ ᠳᠤ ᠲᠤᠰ ᠤᠯᠤᠰ ᠢ ᠪᠠᠭᠲᠠᠭᠠᠭᠰᠠᠨ ᠨᠢ ᠬᠣᠶᠠᠷ ᠤᠯᠤᠰ ᠤᠨ ᠬᠠᠷᠢᠯᠴᠠᠭᠠᠨ ᠳᠤ᠂ ᠲᠡᠭᠦᠨ ᠦ ᠳᠣᠲᠣᠷ᠎ᠠ ᠪᠢᠽᠢᠨᠧᠰ ᠡᠷᠬᠢᠯᠡᠭᠴᠢᠳ᠂ ᠬᠥᠷᠥᠩᠭᠡ ᠣᠷᠣᠭᠤᠯᠤᠭᠴᠢᠳ ᠤᠨ ᠡᠷᠬᠡ ᠠᠰᠢᠭ ᠲᠤ ᠰᠦᠷᠭᠦ ᠪᠡᠷ ᠨᠦᠯᠦᠭᠡᠯᠡᠬᠦ ᠤᠴᠢᠷ ᠦᠭᠡᠢ ᠭᠡᠵᠡᠢ᠃ ᠲᠡᠭᠦᠨᠴᠢᠯᠡᠨ ᠮᠣᠩᠭᠣᠯ ᠤᠯᠤᠰ ᠤᠨ ᠵᠠᠰᠠᠭ ᠤᠨ ᠭᠠᠵᠠᠷ ᠠᠰᠠᠭᠤᠳᠠᠯ ᠢ ᠵᠣᠬᠢᠰᠲᠠᠢ ᠰᠢᠢᠳᠪᠦᠷᠢᠯᠡᠬᠦ ᠴᠢᠭᠯᠡᠯ ᠢᠶᠡᠷ ᠠᠵᠢᠯᠯᠠᠵᠤ ᠪᠠᠶᠢᠭ᠎ᠠ ᠶᠢ ᠮᠡᠳᠡᠭᠡᠯᠡᠭᠰᠡᠨ ᠪᠠᠶᠢᠨ᠎ᠠ᠃
ᠮᠥᠨ ᠰᠠᠩ ᠤᠨ ᠶᠠᠮᠤᠨ ᠤ ᠲᠥᠷᠥ ᠶᠢᠨ ᠨᠠᠷᠢᠨ ᠪᠢᠴᠢᠭ ᠦᠨ ᠳᠠᠷᠤᠭ᠎ᠠ᠂ ᠬᠠᠲᠤᠭᠲᠠᠢ ᠳ᠋ᠠᠨᠢᠶᠠᠯ ᠰᠲ᠋ᠣᠹᠹᠧᠯ ᠬᠡᠯᠡᠬᠦ ᠳᠦ ᠪᠡᠨ᠄ ᠠᠪᠯᠢᠭ᠎ᠠ᠂ ᠮᠥᠩᠭᠥ ᠤᠬᠢᠶᠠᠬᠤ ᠭᠡᠮᠲᠦ ᠬᠡᠷᠡᠭ ᠲᠡᠢ ᠲᠡᠮᠡᠴᠡᠬᠦ ᠠᠰᠠᠭᠤᠳᠠᠯ ᠢ ᠰᠸᠢᠰ ᠤᠯᠤᠰ ᠮᠣᠩᠭᠣᠯ ᠲᠠᠢ ᠠᠳᠠᠯᠢ ᠣᠨᠴᠠᠭᠠᠢ ᠠᠩᠬᠠᠷᠳᠠᠭ᠃ ᠮᠠᠨ ᠤ ᠤᠯᠤᠰ ᠮᠥᠩᠭᠥ ᠰᠠᠩᠬᠦᠦ ᠶᠢᠨ ᠣᠯᠠᠨ ᠤᠯᠤᠰ ᠤᠨ ᠰᠲ᠋ᠠᠨᠳᠠᠷᠲ ᠢ ᠴᠢᠩᠳᠠ ᠮᠥᠷᠳᠡᠳᠡᠭ᠃ ᠲᠡᠶᠢᠮᠦ ᠡᠴᠡ ᠨᠢᠭᠡᠳᠦᠭᠡᠷ ᠲᠦ᠂ ᠡᠷᠬᠡ ᠵᠦᠢ ᠶᠢᠨ ᠲᠤᠰᠠᠯᠠᠯᠴᠠᠭ᠎ᠠ ᠬᠠᠷᠢᠯᠴᠠᠨ ᠦᠵᠡᠭᠦᠯᠬᠦ ᠲᠤᠬᠠᠢ ᠭᠡᠷ᠎ᠡ ᠶᠢ ᠬᠣᠶᠠᠷ ᠣᠷᠣᠨ ᠤ ᠬᠣᠭᠣᠷᠣᠨᠳᠣ ᠣᠶᠢᠷ᠎ᠠ ᠶᠢᠨ ᠦᠶ᠎ᠡ ᠳᠦ ᠪᠠᠶᠢᠭᠤᠯᠬᠤ︔ ᠬᠣᠶᠠᠳᠤᠭᠠᠷ ᠲᠤ᠂ 20 ᠭᠠᠷᠤᠢ ᠵᠢᠯ ᠦᠨ ᠡᠮᠦᠨ᠎ᠡ ᠪᠠᠶᠢᠭᠤᠯᠤᠭᠰᠠᠨ ᠳᠠᠪᠬᠤᠷ ᠲᠠᠲᠠᠪᠤᠷᠢ ᠨᠣᠭᠳᠠᠭᠤᠯᠬᠤ ᠠᠴᠠ ᠵᠠᠶᠢᠯᠠᠰᠬᠢᠬᠦ ᠬᠡᠯᠡᠯᠴᠡᠭᠡᠷ ᠲᠦ ᠥᠭᠡᠷᠡᠴᠢᠯᠡᠯᠲᠡ ᠤᠷᠤᠭᠤᠯᠬᠤ ᠨᠢ ᠵᠦᠢᠲᠡᠢ ᠭᠡᠵᠦ ᠦᠵᠡᠵᠦ ᠪᠠᠶᠢᠨ᠎ᠠ᠃ ᠡᠭᠦᠨ  ᠳᠤ ᠬᠣᠶᠠᠷ ᠲᠠᠯ᠎ᠠ ᠶᠢᠨ ᠬᠠᠮᠲᠤᠷᠠᠭᠰᠠᠨ ᠠᠵᠢᠯ ᠤᠨ ᠬᠡᠰᠡᠭ ᠪᠠᠶᠢᠭᠤᠯᠬᠤ᠂ ᠰᠸᠢᠰ ᠤᠨ ᠬᠣᠯᠪᠣᠭᠠᠨ ᠤ ᠤᠯᠤᠰ ᠤᠨ ᠶᠡᠷᠦᠩᠬᠡᠶᠢᠯᠡᠭᠴᠢ ᠪᠤᠶᠤ ᠰᠠᠩ ᠤᠨ ᠰᠠᠶᠢᠳ ᠢ ᠮᠣᠩᠭᠣᠯ ᠤᠯᠤᠰ ᠲᠤ ᠠᠶᠢᠯᠴᠢᠯᠠᠭᠤᠯᠬᠤ᠂ ᠡᠨᠡ ᠦᠶ᠎ᠡ ᠪᠡᠷ ᠳᠡᠭᠡᠷᠡᠬᠢ ᠠᠰᠠᠭᠤᠳᠠᠯ ᠤᠳ ᠢ ᠰᠢᠢᠳᠪᠦᠷᠢᠯᠡᠬᠦ ᠰᠠᠨᠠᠯ ᠢ ᠲᠠᠯᠪᠢᠵᠤ ᠪᠠᠶᠢᠨ᠎ᠠ ᠭᠡᠵᠡᠢ᠃ ᠮᠥᠨ ᠮᠠᠨ ᠤ ᠲᠠᠯ᠎ᠠ ᠠᠴᠠ ᠲᠠᠯᠪᠢᠭᠰᠠᠨ ᠰᠸᠢᠰ ᠤᠨ ᠬᠣᠯᠪᠣᠭᠠᠨ ᠤ ᠤᠯᠤᠰ ᠤᠨ ᠡᠯᠴᠢᠨ ᠰᠠᠶᠢᠳ ᠤᠨ ᠶᠠᠮᠤᠨ ᠢ ᠮᠣᠩᠭᠣᠯ ᠳᠤ ᠨᠡᠭᠡᠭᠡᠬᠦ᠂  ᠰᠸᠢᠰ ᠤᠨ ᠫᠠᠷᠯᠠᠮᠧᠨᠲ ᠲᠤ ᠰᠸᠢᠰ ᠮᠣᠩᠭᠣᠯ ᠤᠨ ᠪᠦᠯᠦᠭ ᠪᠠᠶᠢᠭᠤᠯᠬᠤ ᠰᠠᠨᠠᠯ ᠢ ᠲᠥᠷᠥ ᠶᠢᠨ ᠵᠥᠪᠯᠡᠯ ᠦᠨ ᠭᠠᠳᠠᠭᠠᠳᠤ ᠬᠠᠷᠢᠯᠴᠠᠭᠠᠨ ᠤ ᠪᠠᠶᠢᠩᠭᠤ ᠶᠢᠨ ᠬᠣᠷᠢᠶᠠᠨ ᠤ ᠳᠠᠷᠤᠭ᠎ᠠ᠂ ᠨᠣᠶᠠᠨ ᠹᠢᠯᠢᠫᠫᠣ ᠯᠣᠮᠪᠠᠷᠳ᠋ ᠨᠠᠭᠠᠰᠢᠲᠠᠢ ᠪᠠᠷ ᠬᠦᠯᠢᠶᠡᠨ ᠠᠪᠴᠤ᠂ ᠰᠢᠢᠳᠪᠦᠷᠢᠯᠡᠬᠦ ᠲᠠᠯ᠎ᠠ ᠪᠠᠷ ᠲᠥᠷᠥ ᠶᠢᠨ ᠵᠥᠪᠯᠡᠯ ᠣᠨᠴᠠᠭᠠᠢ ᠠᠩᠬᠠᠷᠬᠤ ᠪᠠᠨ ᠠᠮᠠᠯᠠᠭᠰᠠᠨ ᠪᠠᠶᠢᠨ᠎ᠠ᠃

ᠰᠡᠳᠬᠢᠭᠳᠡᠯ ᠦᠯᠡᠳᠡᠭᠡᠬᠦ