ᠤ᠊∙ᠬᠦᠷᠡᠯᠰᠦ᠋ᠬᠡ ᠡᠮᠦᠨᠡᠲᠦ ᠰᠦᠳᠠᠨ ‍ᠣ ᠳᠡᠳ᠋ ᠶᠡᠷᠦᠩᠬᠡᠶᠢᠯᠡᠭᠴᠢ ᠲᠡᠢ ᠠᠭᠤᠯᠵᠠᠪᠠ | News.MN

ᠤ᠊∙ᠬᠦᠷᠡᠯᠰᠦ᠋ᠬᠡ ᠡᠮᠦᠨᠡᠲᠦ ᠰᠦᠳᠠᠨ ‍ᠣ ᠳᠡᠳ᠋ ᠶᠡᠷᠦᠩᠬᠡᠶᠢᠯᠡᠭᠴᠢ ᠲᠡᠢ ᠠᠭᠤᠯᠵᠠᠪᠠ

ᠮᠣᠩᠭᠣᠯ ᠤᠯᠤᠰ ᠤᠨ ᠶᠡᠷᠦᠩᠬᠡᠢ ᠰᠠᠶᠢᠳ ᠤ᠊∙ᠬᠦᠷᠡᠯᠰᠦ᠋ᠬᠡ ᠪᠦᠭᠦᠳᠡ ᠨᠠᠶᠢᠷᠠᠮᠳᠠᠬᠤ ᠡᠮᠦᠨᠡᠲᠦ ᠰᠦᠳᠠᠨ ᠤᠯᠤᠰ ᠤᠨ ᠳᠡᠳ᠋ ᠶᠡᠷᠦᠩᠬᠡᠶᠢᠯᠡᠭᠴᠢ ᠵ∙ᠢᠭ᠌ᠭ᠎ᠠ ᠲᠠᠢ ᠠᠭᠤᠯᠵᠠᠪᠠ᠃ ᠮᠣᠩᠭᠣᠯ ᠤᠯᠤᠰ ᠤᠨ ᠡᠩᠬᠡ ᠶᠢ ᠰᠠᠬᠢᠭᠤᠯᠤᠭᠴᠢᠳ  ᠪᠦᠭᠦᠳᠡ ᠨᠠᠶᠢᠷᠠᠮᠳᠠᠬᠤ ᠡᠮᠦᠨᠡᠳᠦ ᠰᠦᠳᠠᠨ ᠤᠯᠤᠰ ᠲᠤ ᠡᠩᠬᠡ ᠲᠠᠶᠢᠪᠤᠩ᠂ ᠲᠣᠭᠲᠠᠪᠤᠷᠢᠲᠠᠢ ᠪᠠᠶᠢᠳᠠᠯ ᠪᠤᠢ ᠪᠣᠯᠬᠤ ᠳᠤ ᠣᠨᠴᠠᠭᠠᠢ ᠬᠤᠪᠢ ᠨᠡᠮᠡᠷᠢ ᠣᠷᠣᠭᠤᠯᠵᠤ ᠪᠠᠶᠢᠭ᠎ᠠ ᠳᠤ ᠳᠡᠳ᠋ ᠶᠡᠷᠦᠩᠬᠡᠶᠢᠯᠡᠭᠴᠢ ᠮᠣᠩᠭᠣᠯ ᠤᠯᠤᠰ ᠤᠨ ᠵᠠᠰᠠᠭ ᠤᠨ ᠭᠠᠵᠠᠷ ᠲᠤ ᠲᠠᠯᠠᠷᠬᠠᠯ ᠢᠯᠡᠷᠬᠡᠶᠢᠯᠡᠪᠡ᠃ ᠠᠭᠤᠯᠵᠠᠯᠲᠠ ᠶᠢᠨ ᠦᠶ᠎ᠡ ᠪᠡᠷ ᠬᠥᠳᠡᠭᠡ ᠠᠵᠤ ᠠᠬᠤᠢ᠂ ᠪᠣᠯᠪᠠᠰᠤᠷᠠᠯ ᠤᠨ ᠰᠠᠯᠪᠤᠷᠢ ᠶᠢᠨ ᠬᠠᠮᠲᠤ ᠶᠢᠨ ᠠᠵᠢᠯᠯᠠᠭ᠎ᠠ ᠶᠢ ᠬᠥᠭᠵᠢᠭᠦᠯᠬᠦ ᠲᠠᠯ᠎ᠠ ᠪᠠᠷ ᠶᠠᠷᠢᠯᠴᠠᠪᠠ ᠭᠡᠵᠦ ᠵᠠᠰᠠᠭ ᠤᠨ ᠭᠠᠵᠠᠷ ᠤᠨ ᠬᠡᠪᠯᠡᠯ ᠮᠡᠳᠡᠭᠡᠯᠡᠯ᠂ ᠣᠯᠠᠨ ᠨᠡᠶᠢᠲᠡ ᠲᠡᠢ ᠬᠠᠷᠢᠯᠴᠠᠬᠤ ᠬᠡᠯᠲᠡᠰ ᠡᠴᠡ ᠮᠡᠳᠡᠭᠡᠯᠡᠯ᠎ᠡ᠃

ᠰᠡᠳᠬᠢᠭᠳᠡᠯ ᠦᠯᠡᠳᠡᠭᠡᠬᠦ