ᠡᠮ ᠲᠠᠷᠢᠶ᠎ᠠ ᠬᠠᠤᠯᠢ ᠪᠤᠰᠤ ᠪᠠᠷ ᠬᠢᠯᠢ ᠨᠡᠪᠲᠡᠷᠡᠭᠦᠯᠬᠦ ᠶᠢ ᠵᠠᠪᠳᠤᠪᠠ | News.MN

ᠡᠮ ᠲᠠᠷᠢᠶ᠎ᠠ ᠬᠠᠤᠯᠢ ᠪᠤᠰᠤ ᠪᠠᠷ ᠬᠢᠯᠢ ᠨᠡᠪᠲᠡᠷᠡᠭᠦᠯᠬᠦ ᠶᠢ ᠵᠠᠪᠳᠤᠪᠠ

ᠭᠠᠶᠢᠯᠢ ᠶᠢᠨ ᠶᠡᠷᠦᠩᠬᠡᠢ ᠭᠠᠵᠠᠷ ᠤᠨ ᠬᠠᠷᠢᠶ᠎ᠠ ᠤᠯᠠᠭᠠᠨᠪᠠᠭᠠᠲᠤᠷ ᠬᠣᠲᠠ ᠳ᠋ᠡᠬᠢ ᠭᠠᠶᠢᠯᠢ ᠶᠢᠨ ᠭᠠᠵᠠᠷ ᠡᠨᠡ ᠰᠠᠷ᠎ᠠ ᠶᠢᠨ 11 ᠦ ᠡᠳᠦᠷ ᠪᠦᠭᠦᠳᠡ ᠨᠠᠶᠢᠷᠠᠮᠳᠠᠬᠤ ᠠᠷᠠᠳᠴᠢᠯᠠᠭᠰᠠᠨ ᠰᠣᠯᠣᠩᠭᠣᠰ ᠠᠷᠠᠳ ᠤᠯᠤᠰ ᠠᠴᠠ ᠮᠣᠩᠭᠣᠯ ᠤᠯᠤᠰ ᠤᠨ ᠢᠷᠭᠡᠨ N ᠤᠨ ᠨᠡᠷ᠎ᠡ ᠳᠡᠭᠡᠷ᠎ᠡ ᠲᠡᠮᠦᠷ ᠵᠠᠮ ᠢᠶᠠᠷ ᠢᠯᠡᠭᠡᠭᠰᠡᠨ ᠬᠤᠪᠢ ᠶᠢᠨ ᠠᠴᠢᠶ᠎ᠠ  ᠲᠡᠭᠡᠭᠡᠰᠢ ᠳᠦ 3200 ᠠᠮᠫᠦ᠋ᠯ Kumdang  ᠲᠠᠷᠢᠶ᠎ᠠ ᠨᠢᠭᠤᠭᠰᠠᠨ ᠪᠠᠶᠢᠭᠰᠠᠨ ᠢ ᠢᠯᠡᠷᠡᠭᠦᠯᠵᠡᠢ ᠃ ᠬᠠᠤᠯᠢ ᠪᠤᠰᠤ ᠪᠠᠷ ᠤᠯᠤᠰ ᠤᠨ ᠬᠢᠯᠢ ᠪᠡᠷ ᠨᠡᠪᠲᠡᠷᠡᠭᠦᠯᠬᠦ ᠶᠢ ᠵᠠᠪᠳᠤᠭᠰᠠᠨ ᠦᠢᠯᠡᠳᠦᠯ ᠳᠦ ︽ᠡᠷᠡᠭᠦᠦ ᠶᠢᠨ ᠬᠡᠷᠡᠭ ᠬᠢᠨᠠᠨ ᠰᠢᠢᠳᠪᠦᠷᠢᠯᠡᠬᠦ ᠲᠤᠬᠠᠢ ︾ ᠬᠠᠤᠯᠢ ᠶᠢᠨ ᠳᠠᠭᠠᠤ ᠬᠣᠯᠪᠣᠭᠳᠠᠬᠤ ᠠᠵᠢᠯᠯᠠᠭ᠎ᠠ ᠬᠢᠵᠦ ᠪᠠᠶᠢᠨ᠎ᠠ᠃
ᠡᠮ᠂ ᠡᠮᠨᠡᠯᠭᠡ ᠶᠢᠨ ᠬᠡᠷᠡᠭᠰᠡᠯ ᠢ ᠢᠮᠫᠤᠷᠲᠯᠤᠬᠤ ᠳᠤ ᠡᠮ ᠦᠨ ᠠᠰᠠᠭᠤᠳᠠᠯ ᠡᠷᠬᠢᠯᠡᠭᠰᠡᠨ ᠲᠥᠷᠥ ᠶᠢᠨ ᠵᠠᠬᠢᠷᠭᠠᠨ ᠤ ᠲᠥᠪ ᠪᠠᠶᠢᠭᠤᠯᠤᠯᠭ᠎ᠠ ᠶᠢᠨ ᠲᠤᠰᠬᠠᠢ ᠵᠥᠪᠰᠢᠶᠡᠷᠡᠯ ᠪᠦᠬᠦᠢ ᠬᠠᠤᠯᠢ ᠶᠢᠨ ᠡᠲᠡᠭᠡᠳ ᠬᠣᠯᠪᠣᠭᠳᠠᠬᠤ ᠪᠢᠴᠢᠭ ᠪᠠᠷᠢᠮᠲᠠ ᠶᠢ ᠪᠦᠷᠢᠳᠦᠭᠦᠯᠦᠭᠰᠡᠨ ᠦ ᠳᠠᠭᠠᠤ ᠭᠠᠶᠢᠯᠢ ᠶᠢᠨ ᠪᠦᠷᠢᠳᠦᠭᠦᠯᠦᠯᠲᠡ ᠬᠢᠵᠦ ᠣᠷᠣᠭᠤᠯᠳᠠᠭ ᠲᠤᠯᠠ ᠵᠣᠬᠢᠬᠤ ᠵᠥᠪᠰᠢᠶᠡᠷᠡᠯ ᠦᠭᠡᠢ ᠬᠤᠪᠢ ᠬᠦᠮᠦᠨ᠂ ᠬᠠᠤᠯᠢ ᠶᠢᠨ ᠡᠲᠡᠭᠡᠳ ᠤᠯᠤᠰ ᠤᠨ ᠬᠢᠯᠢ ᠪᠡᠷ ᠬᠠᠤᠯᠢ ᠪᠤᠰᠤ ᠪᠠᠷ ᠨᠡᠪᠲᠡᠷᠡᠭᠦᠯᠬᠦ ᠶᠢ ᠵᠠᠪᠳᠤᠭᠰᠠᠨ ᠲᠣᠬᠢᠶᠠᠯᠳᠤᠯ ᠳᠤ ᠡᠷᠡᠭᠦᠦ ᠶᠢᠨ ᠬᠠᠷᠢᠭᠤᠴᠠᠯᠭ᠎ᠠ ᠬᠦᠯᠢᠶᠡᠯᠭᠡᠳᠡᠭ ᠪᠣᠯᠬᠤ ᠶᠢ ᠭᠠᠶᠢᠯᠢ ᠶᠢᠨ ᠪᠠᠶᠢᠭᠤᠯᠤᠯᠭ᠎ᠠ ᠠᠴᠠ ᠰᠡᠷᠡᠮᠵᠢᠯᠡᠭᠦᠯᠵᠦ ᠪᠠᠶᠢᠨ᠎ᠠ᠃

ᠰᠡᠳᠬᠢᠭᠳᠡᠯ ᠦᠯᠡᠳᠡᠭᠡᠬᠦ