ᠨᠤᠯᠤᠤᠷ ᠤᠨ ᠦᠨ᠎ᠡ 110-115 ᠮᠢᠩᠭᠠᠨ ᠲᠥᠭᠥᠷᠢᠭ ᠪᠠᠶᠢᠨ᠎ᠠ | News.MN

ᠨᠤᠯᠤᠤᠷ ᠤᠨ ᠦᠨ᠎ᠡ 110-115 ᠮᠢᠩᠭᠠᠨ ᠲᠥᠭᠥᠷᠢᠭ ᠪᠠᠶᠢᠨ᠎ᠠ

ᠰᠦᠬᠡᠪᠠᠭᠠᠲᠤᠷ ᠠᠶᠢᠮᠠᠭ ᠤᠨ ᠲᠥᠪ ᠲᠦ ᠨᠤᠯᠤᠤᠷ ᠤᠨ ᠦᠨ᠎ᠡ ᠺᠢᠯᠦᠭᠷᠡᠮ ᠲᠤᠲᠤᠮ ᠳᠤ ᠪᠠᠨ 110-115 ᠮᠢᠩᠭᠠᠨ ᠲᠥᠭᠦᠷᠢᠭ ᠪᠠᠶᠢᠨ᠎ᠠ᠃ ᠥᠩᠭᠡᠷᠡᠭᠰᠡᠨ ᠵᠢᠯ 90 ᠮᠢᠩᠭ᠎ᠠ ᠠᠴᠠ ᠡᠬᠢᠯᠡᠭᠰᠡᠨ ᠨᠤᠯᠤᠤᠷ ᠤᠨ ᠦᠨ᠎ᠡ ᠡᠨᠡ ᠵᠢᠯ ᠥᠰᠬᠦ ᠬᠠᠨᠳᠤᠯᠭ᠎ᠠ ᠲᠠᠢ ᠪᠠᠶᠢᠭ᠎ᠠ ᠶᠢ ᠳᠠᠮ ᠤᠨ ᠮᠠᠶᠢᠮᠠᠶᠢᠴᠢᠳ ᠨᠠᠷ ᠬᠡᠯᠡᠵᠦ ᠪᠠᠶᠢᠨ᠎ᠠ᠃ ᠬᠠᠷᠢᠨ ᠰᠤᠮᠤᠳ ᠲᠤ 100-110 ᠮᠢᠩᠭ᠎ᠠ ᠶᠢᠨ ᠬᠣᠭᠣᠷᠣᠨᠳᠣ ᠬᠡᠯᠪᠡᠯᠵᠡᠵᠦ ᠪᠠᠶᠢᠭ᠎ᠠ ᠲᠠᠯ᠎ᠠ ᠪᠠᠷ ᠮᠠᠯᠴᠢᠳ ᠶᠠᠷᠢᠵᠤ ᠪᠠᠶᠢᠨ᠎ᠠ᠃ ᠥᠩᠭᠡᠷᠡᠭᠰᠡᠨ ᠡᠪᠦᠯ ᠨᠡᠶᠢᠲᠡ ᠨᠤᠲᠤᠭ ᠢᠶᠠᠷ ᠴᠠᠰᠤ ᠦᠭᠡᠢ ᠪᠠᠶᠢᠭᠰᠠᠨ ᠤᠴᠢᠷ ᠰᠢᠷᠣᠢ ᠰᠢᠭᠤᠷᠬᠤ᠂ ᠲᠣᠭᠣᠰᠣᠵᠢᠯᠲᠠ ᠵᠡᠷᠭᠡ ᠡᠴᠡ ᠤᠷᠢᠳᠴᠢᠯᠠᠨ ᠰᠡᠷᠭᠡᠶᠢᠯᠡᠵᠦ᠂ ᠡᠨᠡ ᠵᠢᠯ ᠮᠠᠯᠴᠢᠳ ᠢᠮᠠᠭ᠎ᠠ  ᠪᠠᠨ ᠡᠷᠲᠡ ᠰᠠᠮᠨᠠᠵᠤ ᠡᠬᠢᠯᠡᠵᠡᠢ᠃ ᠤᠴᠢᠷ ᠨᠢ ᠰᠢᠷᠣᠢ ᠲᠠᠢ  ᠨᠤᠯᠤᠤᠷ ᠦᠨ᠎ᠡ ᠳᠦ ᠬᠦᠷᠳᠡᠭ ᠦᠭᠡᠢ ᠪᠠᠶᠢᠨ᠎ᠠ᠃
ᠠᠶᠢᠮᠠᠭ ᠤᠨ ᠵᠠᠰᠠᠭ ᠳᠠᠷᠤᠭ᠎ᠠ ᠶᠢᠨ ᠲᠠᠮᠠᠭ᠎ᠠ ᠶᠢᠨ ᠭᠠᠵᠠᠷ  ᠠᠴᠠ ᠰᠠᠨᠠᠭᠠᠴᠢᠯᠠᠨ 2018 ᠣᠨ ᠳᠤ  ᠪᠠᠶᠠᠨᠳᠡᠯᠭᠡᠷ ᠰᠤᠮᠤᠨ ᠳᠤ ᠨᠤᠯᠤᠤᠷ ᠤᠨ ᠳᠠᠭᠤᠳᠠᠯᠭ᠎ᠠ ᠬᠤᠳᠠᠯᠳᠤᠭ᠎ᠠ ᠬᠢᠵᠦ ᠪᠠᠶᠢᠭᠰᠠᠨ᠃ ᠡᠨᠡ ᠨᠢ ᠨᠤᠯᠤᠤᠷ ᠤᠨ ᠦᠨ᠎ᠡ ᠶᠢ ᠥᠰᠬᠡᠬᠦ᠂ ᠮᠠᠯᠴᠢᠳ ᠤᠨ ᠴᠠᠭ ᠵᠠᠪ᠂ ᠵᠠᠷᠤᠳᠠᠯ ᠢ ᠬᠡᠮᠨᠡᠬᠦ ᠥᠨᠳᠦᠷ ᠠᠴᠢ ᠬᠣᠯᠪᠣᠭᠳᠠᠯ ᠲᠠᠢ ᠠᠷᠭ᠎ᠠ ᠬᠡᠮᠵᠢᠶ᠎ᠡ ᠪᠣᠯᠵᠤ ᠪᠠᠶᠢᠭᠰᠠᠨ᠃ ᠲᠡᠭᠡᠪᠡᠯ ᠤᠭ ᠳᠠᠭᠤᠳᠠᠯᠭ᠎ᠠ ᠬᠤᠳᠠᠯᠳᠤᠭ᠎ᠠ ᠶᠢ ᠡᠨᠡ ᠵᠢᠯ ᠠᠶᠢᠮᠠᠭ ᠤᠨ ᠲᠥᠪ ᠲᠦ ᠶᠠᠪᠤᠭᠤᠯᠵᠤ᠂ ᠪᠦᠬᠦ ᠰᠤᠮᠤ ᠶᠢᠨ ᠮᠠᠯᠴᠢᠳ ᠢ ᠬᠠᠮᠤᠷᠤᠭᠤᠯᠬᠤ ᠶᠢ ᠵᠣᠷᠢᠵᠤ ᠪᠠᠶᠢᠭ᠎ᠠ ᠠᠵᠠᠢ ᠃ ᠣᠳᠣ ᠪᠠᠷ ᠳᠠᠭᠤᠳᠠᠯᠭ᠎ᠠ ᠬᠤᠳᠠᠯᠳᠤᠭᠠᠨ ᠤ ᠲᠣᠪ ᠲᠣᠳᠣᠷᠬᠠᠢ ᠪᠣᠯᠤᠭ᠎ᠠ ᠦᠭᠡᠢ ᠪᠠᠶᠢᠨ᠎ᠠ᠃

ᠰᠡᠳᠬᠢᠭᠳᠡᠯ ᠦᠯᠡᠳᠡᠭᠡᠬᠦ