ᠮᠣᠩᠭᠣᠯ ᠪᠢᠴᠢᠭ ᠢ ᠰᠤᠷᠴᠤ ᠡᠵᠡᠮᠰᠢᠬᠦ ᠬᠥᠳᠡᠯᠭᠡᠭᠡᠨ ᠥᠷᠨᠢᠭᠦᠯᠵᠦ ᠪᠠᠶᠢᠨ᠎ᠠ | News.MN

ᠮᠣᠩᠭᠣᠯ ᠪᠢᠴᠢᠭ ᠢ ᠰᠤᠷᠴᠤ ᠡᠵᠡᠮᠰᠢᠬᠦ ᠬᠥᠳᠡᠯᠭᠡᠭᠡᠨ ᠥᠷᠨᠢᠭᠦᠯᠵᠦ ᠪᠠᠶᠢᠨ᠎ᠠ

ᠳᠤᠮᠳᠠᠭᠣᠪᠢ ᠠᠶᠢᠮᠠᠭ ᠤᠨ ᠪᠠᠶᠠᠨᠵᠢᠷᠭᠠᠯᠠᠩ ᠰᠤᠮᠤ ᠶᠢᠨ ᠲᠥᠷᠦ ᠶᠢᠨ ᠠᠯᠪᠠᠨ ᠬᠠᠭᠠᠭᠴᠢᠳ ᠡᠬᠡ ᠪᠣᠯᠤᠭᠰᠠᠨ ᠪᠣᠰᠤᠭ᠎ᠠ ᠮᠣᠩᠭᠣᠯ ᠪᠢᠴᠢᠭ ᠢ ᠨᠡᠶᠢᠲᠡ ᠪᠡᠷ ᠢᠶᠡᠨ ᠰᠤᠷᠴᠤ᠂ ᠡᠵᠡᠮᠰᠢᠬᠦ ᠬᠥᠳᠡᠯᠭᠡᠭᠡᠨ ᠥᠷᠨᠢᠭᠦᠯᠵᠦ᠂ 98 ᠠᠯᠪᠠᠨ ᠬᠠᠭᠠᠭᠴᠢ ᠢᠳᠡᠪᠬᠢᠲᠡᠢ ᠣᠷᠣᠯᠴᠠᠵᠤ ᠪᠠᠶᠢᠭ᠎ᠠ ᠠᠵᠠᠢ ᠃ ᠰᠤᠮᠤ ᠶᠢᠨ ᠢᠷᠭᠡᠳ ᠦᠨ ᠲᠥᠯᠥᠭᠡᠯᠡᠭᠴᠢᠳ ᠦᠨ ᠬᠤᠷᠠᠯ ᠤᠨ ᠲᠡᠷᠢᠭᠦᠯᠡᠭᠴᠢᠳ ᠦᠨ ᠰᠢᠢᠳᠪᠦᠷᠢ ᠪᠡᠷ ︽ᠬᠡᠯᠡᠨ ᠦ ᠪᠣᠳᠣᠯᠭ᠎ᠠ ᠶᠢᠨ ᠰᠠᠯᠪᠤᠷᠢ ᠵᠥᠪᠯᠡᠯ︾ ᠢ ᠪᠠᠶᠢᠭᠤᠯᠵᠤ᠂ ᠮᠣᠩᠭᠣᠯ ᠬᠡᠯᠡ ᠪᠢᠴᠢᠭ ᠢ ᠡᠵᠡᠮᠰᠢᠬᠦ᠂ ᠬᠡᠷᠡᠭᠯᠡᠬᠦ᠂ ᠬᠠᠮᠠᠭᠠᠯᠠᠬᠤ᠂ ᠬᠥᠭᠵᠢᠭᠦᠯᠬᠦ ᠬᠠᠷᠢᠯᠴᠠᠭ᠎ᠠ ᠶᠢ ᠵᠣᠬᠢᠴᠠᠭᠤᠯᠬᠤ ᠶᠢ ᠡᠭᠦᠷᠭᠡ ᠪᠣᠯᠭᠠᠭᠰᠠᠨ ᠪᠠᠶᠢᠨ᠎ᠠ᠃ ᠲᠤᠰ ᠰᠠᠯᠪᠤᠷᠢ ᠵᠥᠪᠯᠡᠯ ᠡᠴᠡ ᠮᠣᠩᠭᠣᠯ ᠪᠢᠴᠢᠭ ᠢᠶᠡᠷ ᠢᠶᠡᠨ ᠪᠠᠬᠠᠷᠬᠠᠬᠤ ᠪᠠᠬᠠᠷᠠᠯ ᠢ ᠪᠤᠢ ᠪᠣᠯᠭᠠᠬᠤ ᠵᠣᠷᠢᠯᠭ᠎ᠠ ᠲᠠᠯᠪᠢᠨ᠂ ᠲᠥᠷᠥ ᠶᠢᠨ ᠠᠯᠪᠠᠨ ᠬᠠᠭᠠᠭᠴᠢᠳ ᠲᠤ ᠰᠤᠷᠭᠠᠯᠲᠠ ᠶᠠᠪᠤᠭᠤᠯᠵᠤ᠂ ᠪᠡᠶ᠎ᠡ ᠳᠠᠭᠠᠭᠠᠨ ᠤᠩᠰᠢᠬᠤ᠂ ᠪᠢᠴᠢᠬᠦ ᠳᠠᠳᠤᠯᠭ᠎ᠠ ᠬᠢᠯᠭᠡᠵᠦ᠂  ︽ᠪᠣᠰᠤᠭ᠎ᠠ ᠮᠣᠩᠭᠣᠯ ᠪᠢᠴᠢᠭ ᠢᠶᠡᠷ ᠬᠡᠨ ᠬᠠᠮᠤᠭ ᠤᠨ ᠰᠠᠶᠢᠬᠠᠨ ᠪᠢᠴᠢᠬᠦ ᠪᠤᠢ︾ ᠤᠷᠤᠯᠳᠤᠭᠠᠨ ᠵᠠᠷᠯᠠᠵᠠᠢ ᠃ ᠲᠤᠰ ᠠᠶᠢᠮᠠᠭ ᠤᠨ ᠵᠠᠰᠠᠭ ᠳᠠᠷᠤᠭ᠎ᠠ ᠣ᠊∙ ᠪᠠᠲᠤ-ᠡᠷᠳᠡᠨᠢ ᠮᠣᠩᠭᠣᠯ ᠪᠢᠴᠢᠭ ᠢ ᠰᠡᠷᠭᠦᠭᠡᠨ ᠬᠡᠷᠡᠭᠯᠡᠬᠦ ᠲᠥᠷᠥ ᠶᠢᠨ ᠪᠣᠳᠣᠯᠭ᠎ᠠ ᠶᠢᠨ ᠬᠡᠷᠡᠭᠵᠢᠯᠲᠡ ᠶᠢ ᠢᠳᠡᠪᠬᠢᠵᠢᠭᠦᠯᠬᠦ ᠵᠣᠷᠢᠯᠭ᠎ᠠ ᠪᠠᠷ ᠦᠨᠳᠦᠰᠦᠨ ᠦ ᠮᠣᠩᠭᠣᠯ ᠬᠡᠯᠡ ᠪᠢᠴᠢᠭ ᠰᠤᠷᠬᠤ᠂ ᠲᠦᠭᠡᠭᠡᠨ ᠳᠡᠯᠭᠡᠷᠡᠭᠦᠯᠬᠦ ᠠᠵᠢᠯ ᠢ ᠲᠥᠷᠥ ᠶᠢᠨ ᠠᠯᠪᠠᠨ ᠬᠠᠭᠠᠭᠴᠢᠳ ᠤᠨ ᠭᠦᠢᠴᠡᠳᠬᠡᠯ ᠦᠨ ᠲᠥᠯᠦᠪᠯᠡᠭᠡᠨ ᠳᠦ ᠲᠤᠰᠬᠠᠨ ᠬᠡᠷᠡᠭᠵᠢᠭᠦᠯᠬᠦ ᠶᠢ ᠳᠠᠭᠠᠭᠠᠯᠭᠠᠨ ᠰᠤᠮᠤᠳ ᠤᠨ ᠵᠠᠰᠠᠭ ᠳᠠᠷᠤᠭ᠎ᠠ᠂ ᠬᠡᠯᠲᠡᠰ ᠠᠭᠧᠨᠲᠯᠢᠭ ᠤᠨ ᠤᠳᠤᠷᠢᠳᠤᠯᠭ᠎ᠠ ᠨᠠᠷ ᠲᠤ ᠠᠯᠪᠠᠨ ᠪᠢᠴᠢᠭ ᠬᠦᠷᠭᠡᠭᠦᠯᠦᠭᠰᠡᠨ ᠨᠢ ᠡᠶᠢᠨᠬᠦᠦ ᠪᠠᠶᠠᠨᠵᠢᠷᠭᠠᠯᠠᠩ ᠰᠤᠮᠤᠨ ᠳᠤ ᠬᠡᠷᠡᠭᠵᠢᠵᠦ ᠡᠬᠢᠯᠡᠭᠰᠡᠨ ᠪᠠᠶᠢᠨ᠎ᠠ᠃

ᠰᠡᠳᠬᠢᠭᠳᠡᠯ ᠦᠯᠡᠳᠡᠭᠡᠬᠦ