ᠪᠣᠭᠳᠠ ᠬᠠᠭᠠᠨ ᠤ ᠮᠦᠽᠧᠢ ᠶᠢᠨ ᠬᠠᠰᠢᠶᠠᠨ ᠳᠣᠲᠣᠷᠠᠬᠢ ᠪᠠᠷᠢᠯᠭ᠎ᠠ ᠶᠢ ᠪᠠᠭᠤᠯᠭᠠᠵᠠᠢ | News.MN

ᠪᠣᠭᠳᠠ ᠬᠠᠭᠠᠨ ᠤ ᠮᠦᠽᠧᠢ ᠶᠢᠨ ᠬᠠᠰᠢᠶᠠᠨ ᠳᠣᠲᠣᠷᠠᠬᠢ ᠪᠠᠷᠢᠯᠭ᠎ᠠ ᠶᠢ ᠪᠠᠭᠤᠯᠭᠠᠵᠠᠢ

︽ᠭᠠᠵᠠᠷ ᠤᠨ ᠲᠤᠬᠠᠢ︾ ᠬᠠᠤᠯᠢ ᠶᠢᠨ ᠬᠡᠷᠡᠭᠵᠢᠯᠲᠡ ᠶᠢ ᠬᠠᠩᠭᠠᠬᠤ᠂ ᠨᠡᠶᠢᠰᠯᠡᠯ ᠳᠦ ᠭᠠᠵᠠᠷ ᠤᠨ ᠵᠥᠷᠢᠴᠡᠯ ᠠᠷᠢᠯᠭᠠᠬᠤ ᠦᠢᠯᠡ ᠠᠵᠢᠯᠯᠠᠭ᠎ᠠ ᠶᠢ ᠡᠷᠴᠢᠮᠵᠢᠭᠦᠯᠬᠦ᠂ ᠨᠡᠶᠢᠲᠡ ᠶᠢᠨ ᠡᠵᠡᠮᠰᠢᠯ ᠦᠨ ᠭᠠᠵᠠᠷ ᠠᠰᠢᠭᠯᠠᠯᠲᠠ ᠶᠢ ᠰᠠᠶᠢᠵᠢᠷᠠᠭᠤᠯᠬᠤ ᠵᠣᠷᠢᠯᠭ᠎ᠠ ᠪᠠᠷ ︽ᠭᠠᠵᠠᠷ ᠤᠨ ᠵᠥᠷᠢᠴᠡᠯ ᠠᠷᠢᠯᠭᠠᠬᠤ ᠨᠢᠭᠡᠳᠦᠭᠰᠡᠨ ᠠᠷᠭ᠎ᠠ ᠬᠡᠮᠵᠢᠶ᠎ᠡ︾ ᠶᠢ ᠵᠣᠬᠢᠶᠠᠨ ᠪᠠᠶᠢᠭᠤᠯᠵᠤ ᠪᠠᠶᠢᠨ᠎ᠠ᠃
ᠡᠨᠡ ᠬᠦᠷᠢᠶᠡᠨ ᠳᠦ ᠬᠠᠨ-ᠠᠭᠤᠯᠠ ᠳᠡᠭᠦᠷᠭᠡ ᠶᠢᠨ 15 ᠳ᠋ᠤᠭᠠᠷ ᠬᠤᠷᠢᠶ᠎ᠠ᠂ ᠪᠣᠭᠳᠠ ᠬᠠᠭᠠᠨ ᠤ ᠣᠷᠳᠣᠨ ᠮᠦᠽᠧᠢ ᠶᠢᠨ ᠡᠵᠡᠮᠰᠢᠯ ᠬᠠᠰᠢᠶᠠᠨ ᠳᠣᠲᠣᠷ᠎ᠠ ᠵᠣᠬᠢᠬᠤ ᠵᠥᠪᠰᠢᠶᠡᠷᠡᠯ ᠦᠭᠡᠢ ᠪᠠᠶᠢᠷᠢᠯᠠᠭᠤᠯᠤᠭᠰᠠᠨ ᠨᠢᠭᠡ ᠳᠠᠪᠬᠤᠷ  ᠲᠦᠷ ᠪᠠᠷᠢᠯᠭ᠎ᠠ ᠶᠢ ᠪᠠᠭᠤᠯᠭᠠᠵᠠᠢ᠃ ᠤᠯᠠᠮ ᠢᠶᠠᠷ ᠲᠤᠬᠠᠢ ᠶᠢᠨ ᠭᠠᠵᠠᠷ ᠲᠤ ᠲᠣᠬᠢᠵᠢᠯᠲᠠ ᠬᠢᠬᠦ ᠨᠥᠬᠥᠴᠡᠯ ᠢ ᠪᠦᠷᠢᠳᠦᠭᠦᠯᠦᠭᠰᠡᠨ ᠲᠤᠬᠠᠢ ᠬᠣᠯᠪᠣᠭᠳᠠᠬᠤ ᠠᠯᠪᠠᠨ ᠤ ᠬᠢᠨ ᠮᠡᠳᠡᠭᠡᠯᠡᠪᠡ ᠃ ᠥᠩᠭᠡᠷᠡᠭᠰᠡᠨ 2018 ᠣᠨ ᠤ ᠶᠢᠰᠦᠳᠦᠭᠡᠷ ᠰᠠᠷ᠎ᠠ ᠳᠤ ᠴᠣᠶᠢᠵᠣᠩ ᠯᠠᠮ᠎ᠠ ᠶᠢᠨ ᠰᠦᠮ᠎ᠡ ᠮᠦᠽᠧᠢ ᠶᠢᠨ ᠬᠠᠮᠠᠭᠠᠯᠠᠯᠲᠠ ᠶᠢᠨ ᠪᠥᠰᠡ ᠳᠦ ᠪᠠᠷᠢᠭᠳᠠᠭᠰᠠᠨ ᠬᠣᠶᠠᠷ ᠳᠠᠪᠬᠤᠷ ᠪᠠᠷᠢᠯᠭ᠎ᠠ ᠶᠢ ᠮᠥᠨ ᠪᠠᠭᠤᠯᠭᠠᠵᠤ᠂ ᠭᠠᠵᠠᠷ ᠢ ᠴᠢᠯᠦᠭᠡᠯᠡᠭᠰᠡᠨ ᠪᠢᠯᠡ᠃

ᠰᠡᠳᠬᠢᠭᠳᠡᠯ ᠦᠯᠡᠳᠡᠭᠡᠬᠦ