ᠴᠠᠬᠢᠮ ᠤᠷᠴᠢᠨ ᠳᠤ ᠵᠣᠬᠢᠶᠠᠭᠴᠢ ᠶᠢᠨ ᠡᠷᠬᠡ ᠬᠤᠬᠢᠷᠠᠵᠤ ᠪᠠᠶᠢᠨ᠎ᠠ | News.MN

ᠴᠠᠬᠢᠮ ᠤᠷᠴᠢᠨ ᠳᠤ ᠵᠣᠬᠢᠶᠠᠭᠴᠢ ᠶᠢᠨ ᠡᠷᠬᠡ ᠬᠤᠬᠢᠷᠠᠵᠤ ᠪᠠᠶᠢᠨ᠎ᠠ

ᠠᠭᠤᠯᠭ᠎ᠠ ᠪᠦᠲᠦᠭᠡᠭᠴᠢ᠂ ᠤᠷᠠᠨ ᠪᠦᠲᠦᠭᠡᠯᠴᠢᠳ ᠲᠦ ᠵᠣᠬᠢᠶᠠᠭᠴᠢ ᠶᠢᠨ ᠡᠷᠬᠡ ᠲᠡᠢ ᠬᠣᠯᠪᠣᠭ᠎ᠠ ᠲᠠᠢ ᠶᠠᠮᠠᠷ ᠵᠥᠷᠢᠴᠡᠯ᠂ ᠠᠰᠠᠭᠤᠳᠠᠯ ᠲᠤᠯᠭᠠᠷᠠᠵᠤ ᠪᠤᠢ ᠶᠢ ᠬᠡᠯᠡᠯᠴᠡᠵᠦ᠂ ᠴᠢᠨᠠᠭᠰᠢᠳᠠ ᠡᠨᠡ ᠲᠥᠷᠥᠯ ᠦᠨ ᠭᠡᠮᠲᠦ ᠬᠡᠷᠡᠭ ᠦᠨ ᠬᠢᠨᠠᠯᠲᠠ᠂ ᠵᠣᠬᠢᠴᠠᠭᠤᠯᠤᠯᠲᠠ ᠶᠢ ᠰᠠᠶᠢᠵᠢᠷᠠᠭᠤᠯᠬᠤ ᠵᠣᠷᠢᠯᠭ᠎ᠠ ᠲᠠᠢ  ︽ᠵᠣᠬᠢᠶᠠᠭᠴᠢ ᠶᠢᠨ ᠡᠷᠬᠡ ᠪᠣᠯᠤᠨ ᠲᠡᠭᠦᠨ ᠳᠦ ᠬᠠᠮᠢᠶᠠᠷᠬᠤ ᠡᠷᠬᠡ ᠶᠢᠨ ᠡᠰᠡᠷᠭᠦ ᠭᠡᠮᠲᠦ ᠬᠡᠷᠡᠭ᠂ ᠵᠥᠷᠢᠴᠡᠯ ᠲᠡᠢ ᠲᠡᠮᠡᠴᠡᠬᠦ ᠳᠦ ᠲᠤᠯᠭᠠᠮᠳᠠᠵᠤ ᠪᠤᠢ ᠠᠰᠠᠭᠤᠳᠠᠯ︾ ᠰᠡᠳᠦᠪᠲᠦ ᠬᠡᠯᠡᠯᠴᠡᠭᠦᠯᠭᠡ ᠶᠢ ᠴᠠᠭᠳᠠᠭ᠎ᠠ ᠶᠢᠨ ᠠᠯᠪᠠᠨ ᠤ ᠺᠢᠪᠧᠷ ᠭᠡᠮᠲᠦ ᠬᠡᠷᠡᠭ ᠲᠡᠢ ᠲᠡᠮᠡᠴᠡᠬᠦ ᠬᠡᠯᠲᠡᠰ ᠥᠨᠥᠳᠥᠷ ᠵᠣᠬᠢᠶᠠᠨ ᠪᠠᠶᠢᠭᠤᠯᠤᠯ᠎ᠠ᠃ ᠬᠡᠯᠡᠯᠴᠡᠭᠦᠯᠭᠡ ᠳᠦ ᠣᠶᠤᠨ ᠤ ᠥᠮᠴᠢ ᠶᠢᠨ ᠭᠠᠵᠠᠷ᠂ ᠴᠠᠭᠳᠠᠭ᠎ᠠ ᠶᠢᠨ ᠠᠯᠪᠠᠨ ᠤ ᠺᠢᠪᠧᠷ ᠭᠡᠮᠲᠦ ᠬᠡᠷᠡᠭ ᠲᠡᠢ ᠲᠡᠮᠡᠴᠡᠬᠦ ᠬᠡᠯᠲᠡᠰ᠂ ᠰᠤᠶᠤᠯ ᠤᠷᠠᠯᠢᠭ ᠤᠨ ᠰᠠᠯᠪᠤᠷᠢ ᠶᠢᠨ ᠬᠢᠨ ᠪᠣᠯᠤᠭᠠᠳ ᠠᠭᠤᠯᠭ᠎ᠠ ᠪᠦᠲᠦᠭᠡᠭᠴᠢᠳ ᠣᠷᠣᠯᠴᠠᠵᠤ᠂ ᠬᠡᠯᠡᠯᠴᠡᠭᠦᠯᠭᠡ ᠥᠷᠨᠢᠭᠦᠯᠦᠯ᠎ᠡ᠃
ᠮᠠᠨ ᠤ ᠤᠯᠤᠰ ᠲᠤ ᠵᠣᠬᠢᠶᠠᠭᠴᠢ ᠶᠢᠨ ᠡᠷᠬᠡ᠂ ᠣᠶᠤᠨ ᠤ ᠥᠮᠴᠢ ᠲᠡᠢ ᠬᠣᠯᠪᠣᠭ᠎ᠠ ᠲᠠᠢ᠂ 50 ᠰᠠᠶ᠎ᠠ ᠲᠥᠭᠥᠷᠢᠭ ᠬᠦᠷᠲᠡᠯᠡᠬᠢ ᠬᠣᠬᠢᠷᠠᠯ ᠤᠴᠠᠷᠠᠭᠤᠯᠤᠭᠰᠠᠨ ᠵᠥᠷᠢᠴᠡᠯ ᠢ ᠣᠶᠤᠨ ᠤ ᠥᠮᠴᠢ ᠶᠢᠨ ᠭᠠᠵᠠᠷ  ︽ᠵᠥᠷᠢᠴᠡᠯ ᠦᠨ ᠲᠤᠬᠠᠢ︾ ᠬᠠᠤᠯᠢ ᠶᠢᠨ 8.3᠂ 8.4᠂ 8.5 ᠍ ᠳᠦ ᠵᠢᠭᠠᠭᠰᠠᠨ ᠢᠶᠠᠷ ᠲᠣᠷᠭᠠᠭᠤᠯᠢ ᠨᠣᠭᠳᠠᠭᠤᠯᠤᠨ ᠬᠢᠨᠠᠨ ᠰᠢᠢᠳᠪᠦᠷᠢᠯᠡᠳᠡᠭ ᠪᠠᠶᠢᠨ᠎ᠠ᠃ ᠬᠠᠷᠢᠨ 50 ᠰᠠᠶ᠎ᠠ ᠲᠥᠭᠥᠷᠢᠭ ᠡᠴᠡ ᠳᠡᠭᠡᠭᠰᠢ ᠬᠡᠮᠵᠢᠶᠡᠨ ᠦ ᠬᠣᠬᠢᠷᠠᠯ ᠤᠴᠠᠷᠠᠭᠤᠯᠤᠭᠰᠠᠨ ᠲᠣᠬᠢᠶᠠᠯᠳᠤᠯ ᠳᠤ ᠭᠡᠮᠲᠦ ᠬᠡᠷᠡᠭ ᠲᠦ ᠲᠣᠭᠠᠴᠠᠨ᠂ ᠡᠷᠡᠭᠦᠦ ᠶᠢᠨ ᠭᠡᠮᠲᠦ ᠬᠡᠷᠡᠭ ᠦᠨ ᠠᠯᠪᠠᠨ ᠳᠤ ᠰᠢᠯᠭᠠᠭᠳᠠᠳᠠᠭ ᠬᠠᠤᠯᠢ ᠶᠢᠨ ᠵᠣᠬᠢᠴᠠᠭᠤᠯᠤᠯᠲᠠ ᠲᠠᠢ᠃ ᠭᠡᠪᠡᠴᠦ ᠡᠨᠡᠬᠦ ᠵᠣᠬᠢᠴᠠᠭᠤᠯᠤᠯᠲᠠ ᠨᠢ ᠡᠶᠢᠮᠦ ᠲᠥᠷᠥᠯ ᠦᠨ ᠵᠥᠷᠢᠴᠡᠯ ᠢ ᠰᠢᠢᠳᠪᠦᠷᠢᠯᠡᠵᠦ᠂ ᠬᠣᠬᠢᠷᠠᠯ ᠪᠠᠷᠠᠭᠳᠠᠭᠤᠯᠬᠤ ᠬᠡᠮᠵᠢᠶᠡᠨ ᠳᠦ ᠪᠤᠰᠤ᠂ ᠲᠡᠭᠦᠨᠴᠢᠯᠡᠨ ᠴᠠᠬᠢᠮ ᠣᠷᠴᠢᠨ ᠳ᠋ᠡᠬᠢ ᠵᠥᠷᠢᠴᠡᠯ ᠢ ᠲᠦᠷᠭᠡᠨ ᠢᠯᠡᠷᠡᠭᠦᠯᠵᠦ᠂ ᠬᠢᠨᠠᠨ ᠰᠢᠢᠳᠪᠦᠷᠢᠯᠡᠬᠦ ᠳᠦ ᠤᠴᠢᠷ ᠳᠤᠲᠠᠭᠳᠠᠯ ᠲᠠᠢ ᠪᠤᠢ ᠶᠢ ᠤᠷᠠᠨ ᠪᠦᠲᠦᠭᠡᠯᠴᠢᠳ ᠲᠡᠮᠳᠡᠭᠯᠡᠵᠦ ᠪᠠᠶᠢᠪᠠ᠃
ᠣᠶᠤᠨ ᠤ ᠥᠮᠴᠢ ᠶᠢᠨ ᠭᠠᠵᠠᠷ ᠤᠨ ᠬᠢᠨᠠᠯᠲᠠ ᠶᠢᠨ ᠬᠡᠯᠲᠡᠰ ᠦᠨ ᠳᠠᠷᠤᠭ᠎ᠠ ᠳ∙ᠪᠠᠲᠤ-ᠡᠷᠳᠡᠨᠢ᠄ ᠠᠭᠤᠯᠭ᠎ᠠ᠂ ᠪᠦᠲᠦᠭᠡᠯ ᠦᠳ ᠢ ᠵᠥᠪᠰᠢᠶᠡᠷᠡᠯ ᠦᠭᠡᠢ ᠪᠡᠷ CD ᠳᠡᠭᠡᠷ᠎ᠡ ᠪᠠᠭᠤᠯᠭᠠᠬᠤ ᠵᠥᠷᠢᠴᠡᠯ ᠡᠮᠦᠨᠡᠬᠢ ᠵᠢᠯ ᠦᠳ ᠲᠡᠢ ᠠᠳᠠᠯᠢ ᠡᠯᠪᠡᠭ ᠭᠠᠷᠤᠭᠰᠠᠭᠠᠷ ᠪᠠᠶᠢᠨ᠎ᠠ᠃ ᠲᠡᠭᠦᠨᠴᠢᠯᠡᠨ ᠴᠠᠬᠢᠮ ᠣᠷᠴᠢᠨ᠂ ᠨᠡᠶᠢᠭᠡᠮ ᠤᠨ ᠰᠦᠯᠵᠢᠶ᠎ᠡ ᠬᠤᠷᠳᠤ ᠲᠠᠢ ᠬᠥᠭᠵᠢᠬᠦ ᠶᠢᠨ ᠬᠢᠷᠢ ᠪᠡᠷ ᠹᠠᠶᠢᠰᠪᠦ᠋ᠦᠺ ᠂ Youtube ᠳᠡᠭᠡᠷ᠎ᠡ ᠺᠢᠨᠣ᠋ ᠵᠥᠪᠰᠢᠶᠡᠷᠡᠯ ᠦᠭᠡᠢ ᠪᠠᠶᠢᠷᠢᠯᠠᠭᠤᠯᠬᠤ ᠵᠥᠷᠢᠴᠡᠯ ᠨᠡᠶᠢᠲᠡᠯᠢᠭ ᠭᠠᠷᠬᠤ ᠪᠣᠯᠤᠭᠰᠠᠨ᠃ ᠮᠠᠨ ᠤ ᠪᠠᠶᠢᠭᠤᠯᠤᠯᠭ᠎ᠠ ᠶᠢᠨ ᠬᠢᠨᠠᠯᠲᠠ ᠶᠢᠨ ᠬᠡᠯᠲᠡᠰ ᠲᠦ 2018 ᠣᠨ ᠳᠤ ᠨᠡᠶᠢᠲᠡ 140 ᠭᠠᠷᠤᠢ ᠭᠣᠮᠣᠳᠠᠯ᠂ ᠮᠡᠳᠡᠭᠡᠯᠡᠯ ᠢᠷᠭᠡᠳ ᠡᠴᠡ ᠢᠷᠡᠭᠰᠡᠨ ᠪᠠᠶᠢᠳᠠᠭ ᠬᠡᠮᠡᠯ᠎ᠡ᠃
ᠡᠷᠡᠭᠦᠦ ᠶᠢᠨ ᠴᠠᠭᠳᠠᠭ᠎ᠠ ᠶᠢᠨ ᠠᠯᠪᠠᠨ ᠤ ᠺᠢᠪᠧᠷ ᠭᠡᠮᠲᠦ ᠬᠡᠷᠡᠭ ᠲᠡᠢ ᠲᠡᠮᠡᠴᠡᠬᠦ ᠬᠡᠯᠲᠡᠰ ᠦᠨ ᠳᠠᠷᠤᠭ᠎ᠠ᠂ ᠴᠠᠭᠳᠠᠭ᠎ᠠ ᠶᠢᠨ ᠠᠬᠠᠮᠠᠳ ᠳ∙ᠡᠷᠳᠡᠨᠢᠪᠤᠯᠠᠭᠠᠨ ᠄ ᠡᠷᠡᠭᠦᠦ ᠶᠢᠨ ᠴᠠᠭᠳᠠᠭ᠎ᠠ ᠶᠢᠨ ᠠᠯᠪᠠᠨ ᠳᠤ ᠵᠣᠬᠢᠶᠠᠭᠴᠢ ᠶᠢᠨ ᠡᠷᠬᠡ ᠲᠡᠢ ᠬᠣᠯᠪᠣᠭ᠎ᠠ ᠲᠠᠢ ᠵᠢᠷᠭᠤᠭᠠᠨ ᠬᠡᠷᠡᠭ ᠪᠦᠷᠢᠳᠬᠡᠭᠳᠡᠭᠰᠡᠨ ᠪᠠ ᠲᠡᠳᠡᠭᠡᠷ ᠢ ᠰᠢᠯᠭᠠᠭᠠᠳ ᠶᠠᠪᠤᠵᠤ ᠪᠠᠶᠢᠨ᠎ᠠ᠃ ᠢᠷᠭᠡᠳ ᠵᠣᠬᠢᠶᠠᠭᠴᠢ ᠶᠢᠨ ᠡᠷᠬᠡ ᠶᠢᠨ ᠠᠰᠠᠭᠤᠳᠠᠯ ᠤᠨ ᠲᠠᠯ᠎ᠠ ᠪᠠᠷ ᠣᠶᠢᠯᠠᠭᠠᠯᠲᠠ ᠲᠤᠩ ᠪᠠᠭ᠎ᠠ ᠪᠠᠶᠢᠳᠠᠭ ᠲᠤᠯᠠ ᠡᠶᠢᠮᠦ ᠲᠥᠷᠥᠯ ᠦᠨ ᠵᠥᠷᠢᠴᠡᠯ᠂ ᠭᠡᠮᠲᠦ ᠬᠡᠷᠡᠭ ᠦᠢᠯᠡᠳᠦᠭᠳᠡᠬᠦ ᠶᠡᠷᠦᠩᠬᠡᠢ ᠨᠥᠬᠥᠴᠡᠯ ᠪᠠᠶᠢᠳᠠᠯ ᠢ ᠪᠦᠷᠢᠳᠦᠭᠦᠯᠵᠦ ᠪᠠᠶᠢᠨ᠎ᠠ ᠭᠡᠵᠦ ᠬᠡᠯᠡᠵᠦ ᠪᠣᠯᠤᠨ᠎ᠠ᠃ ᠴᠠᠬᠢᠮ ᠤᠷᠴᠢᠨ ᠳᠤ ᠦᠢᠯᠡᠳᠦᠭᠳᠡᠵᠦ ᠪᠤᠢ ᠭᠡᠮᠲᠦ ᠬᠡᠷᠡᠭ ᠦᠨ ᠳᠡᠶᠢᠯᠦᠩᠬᠢ ᠨᠢ ᠵᠣᠬᠢᠶᠠᠭᠴᠢ ᠶᠢᠨ ᠡᠷᠬᠡ ᠶᠢ ᠵᠥᠪᠰᠢᠶᠡᠷᠡᠯ ᠦᠭᠡᠢ ᠪᠡᠷ ᠪᠠᠶᠢᠷᠢᠰᠢᠭᠤᠯᠬᠤ᠂ ᠲᠦᠭᠡᠭᠡᠬᠦ ᠪᠣᠯᠤᠨ ᠴᠠᠬᠢᠮ ᠬᠡᠯᠪᠡᠷᠢ ᠪᠡᠷ ᠪᠤᠢ ᠨᠣᠮ ᠤᠳ ᠢ ᠵᠥᠪᠰᠢᠶᠡᠷᠡᠯ ᠦᠭᠡᠢ ᠪᠡᠷ ᠪᠤᠰᠤᠳ ᠲᠤ ᠬᠤᠳᠠᠯᠳᠤᠨ ᠪᠣᠷᠣᠯᠠᠭᠤᠯᠬᠤ ᠵᠥᠷᠢᠴᠡᠯ  ᠲᠦᠭᠡᠮᠡᠯ ᠭᠠᠷᠴᠤ ᠪᠠᠶᠢᠨ᠎ᠠ ᠭᠡᠯ᠎ᠡ᠃

ᠰᠡᠳᠬᠢᠭᠳᠡᠯ ᠦᠯᠡᠳᠡᠭᠡᠬᠦ