ᠮᠣᠩᠭᠣᠯ ᠤᠨ ᠲᠥᠷᠥ ᠳᠦ ᠠᠵᠢᠯᠯᠠᠵᠤ᠂ ᠵᠢᠳᠬᠦᠬᠦ ᠱᠠᠭᠠᠷᠳᠠᠯᠭ᠎ᠠ ᠠᠯᠠᠭ᠎ᠠ | News.MN

ᠮᠣᠩᠭᠣᠯ ᠤᠨ ᠲᠥᠷᠥ ᠳᠦ ᠠᠵᠢᠯᠯᠠᠵᠤ᠂ ᠵᠢᠳᠬᠦᠬᠦ ᠱᠠᠭᠠᠷᠳᠠᠯᠭ᠎ᠠ ᠠᠯᠠᠭ᠎ᠠ

ᠦᠨᠳᠦᠰᠦᠨ ᠦ  ᠠᠶᠤᠯᠭᠦᠢ ᠪᠠᠶᠢᠳᠠᠯ ᠤᠨ ᠵᠥᠪᠯᠡᠯ ᠦᠨ ᠵᠥᠪᠯᠡᠮᠵᠢ ᠶᠢᠨ ᠳᠠᠭᠠᠤ 400 ᠣᠷᠴᠢᠮ  ᠵᠦᠪᠰᠢᠶᠡᠷᠡᠯ ᠢ ᠲᠥᠷᠥ ᠳᠦ ᠠᠪᠤᠨ᠎ᠠ ᠭᠡᠳᠡᠭ ᠮᠡᠳᠡᠭᠡᠯᠡᠯ ᠢ ᠶᠡᠷᠦᠩᠬᠡᠶᠢᠯᠡᠭᠴᠢ ᠶᠢᠨ ᠲᠠᠮᠠᠭ᠎ᠠ ᠶᠢᠨ ᠭᠠᠵᠠᠷ ᠠᠴᠠ ᠬᠢᠭᠰᠡᠨ ᠪᠠᠶᠢᠳᠠᠭ᠃ ᠡᠨᠡ ᠲᠠᠯ᠎ᠠ ᠪᠠᠷ ᠤᠯᠤᠰ ᠤᠨ ᠶᠡᠬᠡ ᠬᠤᠷᠠᠯ ᠶᠢᠨ ᠭᠡᠰᠢᠭᠦᠨ ᠨ∙ᠨᠣᠮᠲᠠᠶᠢᠪᠠᠶᠠᠷ ᠥᠨᠥᠳᠥᠷ ᠰᠡᠳᠬᠦᠯᠴᠢᠳ ᠦᠨ ᠠᠰᠠᠭᠤᠯᠲᠠ ᠳᠤ ᠬᠠᠷᠢᠭᠤᠯᠲᠠ ᠥᠭᠭᠦᠯ᠎ᠡ᠃
-ᠦᠨᠳᠦᠰᠦᠨ ᠦ ᠠᠶᠤᠯᠭᠦᠢ ᠪᠠᠶᠢᠳᠠᠯ ᠤᠨ ᠵᠥᠪᠯᠡᠯ ᠡᠴᠡ 400 ᠣᠷᠴᠢᠮ ᠵᠦᠪᠰᠢᠶᠡᠷᠡᠯ ᠢ ᠲᠥᠷᠥ ᠳᠦ ᠠᠪᠤᠨ᠎ᠠ ᠭᠡᠰᠡᠨ ᠵᠥᠪᠯᠡᠮᠵᠢ ᠭᠠᠷᠭᠠᠵᠤ᠂ ᠡᠬᠢᠯᠡᠭᠡᠳ ︽ᠡᠷᠳᠡᠨᠢᠲᠦ︾ ᠂ ᠳᠠᠷᠠᠭ᠎ᠠ ᠨᠢ ︽ᠴᠠᠭᠠᠨ ᠰᠤᠪᠤᠷᠭ᠎ᠠ ᠶᠢᠨ ᠣᠷᠳᠣ︾ ᠭᠡᠳᠡᠭ ᠢ ᠣᠨᠴᠠᠯᠠᠭᠰᠠᠨ᠃  ᠡᠭᠦᠨ ᠳᠦ ᠶᠠᠮᠠᠷ ᠪᠠᠶᠢᠷᠢ ᠰᠠᠭᠤᠷᠢ ᠲᠠᠢ ᠪᠠᠶᠢᠨ᠎ᠠ ᠪᠤᠢ ︖
– ᠡᠷᠡᠰᠳᠡᠯ ᠢᠶᠡᠨ ᠥᠪᠡᠷᠰᠡᠳ ᠢᠶᠡᠨ ᠳᠠᠭᠠᠭᠠᠵᠤ᠂  ᠭᠠᠳᠠᠭᠠᠳᠤ ᠶᠢᠨ ᠰᠠᠩᠬᠦᠦ ᠶᠢᠨ ᠪᠠᠶᠢᠭᠤᠯᠤᠯᠭ᠎ᠠ ᠨᠤᠭᠤᠳ ᠠᠴᠠ ᠵᠢᠭᠡᠯᠡ ᠠᠪᠤᠭᠠᠳ ᠥᠪᠡᠷᠰᠡᠳ ᠡᠴᠡ ᠪᠡᠨ ᠨᠡᠮᠡᠵᠦ ᠬᠥᠷᠥᠩᠭᠡ ᠭᠠᠷᠭᠠᠭᠠᠳ ᠬᠢᠭᠰᠡᠨ ᠲᠣᠮᠣᠬᠠᠨ ᠪᠦᠲᠦᠭᠡᠨ ᠪᠠᠶᠢᠭᠤᠯᠤᠯᠲᠠ ︽ ᠴᠠᠭᠠᠨ ᠰᠤᠪᠤᠷᠭ᠎ᠠ︾ ᠡᠴᠡ ᠥᠭᠡᠷ᠎ᠡ ᠪᠠᠶᠢᠬᠤ ᠦᠭᠡᠢ᠃ ᠭᠠᠭᠴᠠ ᠪᠠᠶᠢᠭ᠎ᠠ ᠦᠢᠯᠡᠳᠪᠦᠷᠢ ᠤᠷᠤᠭᠤ ᠳᠠᠭᠠᠷᠢᠵᠤ ᠳᠠᠪᠰᠢᠯᠠᠭᠠᠳ᠂ ᠦᠢᠯᠡ ᠠᠵᠢᠯᠯᠠᠭ᠎ᠠ ᠶᠢ ᠨᠢ ᠵᠣᠭᠰᠣᠭᠠᠨ᠎ᠠ ᠭᠡᠪᠡᠯ ᠪᠣᠳᠣᠯᠭ᠎ᠠ ᠶᠢᠨ ᠬᠦᠷᠢᠶᠡᠨ ᠳᠦ ᠥᠭᠡᠷᠡᠴᠢᠯᠡᠯᠲᠡ ᠬᠢᠬᠦ ᠡᠴᠡ ᠥᠭᠡᠷ᠎ᠡ ᠠᠷᠭ᠎ᠠ ᠦᠭᠡᠢ᠃
-ᠣᠳᠣ ᠪᠠᠷ ᠬᠡᠳᠦᠢ ᠬᠡᠮᠵᠢᠶᠡᠨ ᠦ ᠬᠥᠷᠥᠩᠭᠡ ᠣᠷᠣᠭᠤᠯᠤᠯᠲᠠ ᠦᠢᠯᠡᠳᠪᠦᠷᠢ ᠳᠦ ᠣᠷᠣᠭᠤᠯᠤᠭᠠᠳ ᠪᠠᠶᠢᠨ᠎ᠠ ᠪᠤᠢ ︖
-400 ᠰᠠᠶ᠎ᠠ ᠭᠠᠷᠤᠢ ᠳ᠋ᠣᠯᠯᠠᠷ ᠤᠨ ᠬᠥᠷᠥᠩᠭᠡ ᠣᠷᠣᠭᠤᠯᠤᠯᠲᠠ ᠬᠢᠭᠰᠡᠨ᠃ ᠡᠨᠡ ᠦᠢᠯᠡᠳᠦᠯ ᠵᠥᠪᠬᠡᠨ ᠨᠢᠭᠡ ᠬᠦᠮᠦᠨ ᠪᠣᠯᠤᠨ ᠺᠣᠮᠫᠠᠨᠢ  ᠶᠢᠨ ᠠᠰᠠᠭᠤᠳᠠᠯ ᠪᠢᠰᠢ᠃  ᠭᠠᠳᠠᠭᠠᠳᠤ ᠶᠢᠨ ᠬᠥᠷᠥᠩᠭᠡ ᠣᠷᠣᠭᠤᠯᠤᠭᠴᠢᠳ᠂ ᠪᠠᠩᠬᠢ ᠰᠠᠩᠬᠦᠦ ᠶᠢᠨ ᠪᠠᠶᠢᠭᠤᠯᠤᠯᠭ᠎ᠠ ᠨᠤᠭᠤᠳ ᠠᠩᠬᠠᠷᠤᠯ ᠲᠠᠢ ᠬᠠᠷᠠᠵᠤ ᠪᠠᠶᠢᠭ᠎ᠠ᠃
ᠪᠢ ᠬᠤᠪᠢ  ᠶᠢᠨ ᠺᠣᠮᠫᠠᠨᠢ ᠳᠤ ᠠᠵᠢᠯᠯᠠᠳᠠᠭ ᠦᠭᠡᠢ᠃ ᠡᠨᠳᠡ ᠤᠯᠤᠰ ᠤᠨ ᠶᠡᠬᠡ ᠬᠤᠷᠠᠯ ᠤᠨ ᠭᠡᠰᠢᠭᠦᠨ ᠦ ᠪᠡᠨ ᠠᠵᠢᠯ ᠢ ᠬᠢᠵᠦ ᠪᠠᠶᠢᠨ᠎ᠠ᠃ ᠨᠠᠳᠠ ᠲᠠᠢ ᠬᠠᠮᠢᠶᠠᠷᠤᠯᠲᠠᠢ ᠪᠠᠷ ᠨᠡᠷ᠎ᠡ ᠴᠣᠬᠣᠭᠠᠳ ᠪᠠᠶᠢᠭ᠎ᠠ ᠤᠴᠢᠷ ᠠᠯᠪᠠᠨ ᠶᠣᠰᠣᠨ ᠤ ᠪᠠᠶᠢᠷᠢ ᠰᠠᠭᠤᠷᠢ ᠪᠠᠨ ᠢᠯᠡᠷᠬᠡᠶᠢᠯᠡᠬᠦ ᠡᠴᠡ ᠥᠭᠡᠷ᠎ᠡ ᠠᠷᠭ᠎ᠠ ᠦᠭᠡᠢ᠃ ᠲᠡᠷᠡᠨ ᠡᠴᠡ ᠪᠢᠰᠢ ᠣᠷᠳᠣᠨ ᠳᠤ ᠠᠵᠢᠯᠯᠠᠳᠠᠭ ᠺᠤᠮᠫᠠᠨᠢ ᠶᠢᠨ ᠲᠥᠯᠥᠭᠡᠯᠡᠭᠴᠢ ᠪᠢᠰᠢ᠃
1970-1980 ᠣᠨ ᠳᠤ ᠤᠯᠤᠰ ᠤᠨ ᠲᠥᠰᠥᠪ ᠦᠨ ᠬᠥᠷᠥᠩᠭᠡ ᠣᠷᠣᠭᠤᠯᠤᠯᠲᠠ ᠪᠠᠷ ᠭᠧᠣᠯᠣᠭᠢ ᠶᠢᠨ ᠬᠠᠶᠢᠭᠤᠯ ᠬᠢᠭᠡᠳ ᠶᠠᠮᠠᠷ ᠴᠤ ᠨᠥᠭᠡᠴᠡ ᠣᠯᠵᠤ ᠲᠣᠭᠲᠠᠭᠠᠭ᠎ᠠ ᠦᠭᠡᠢ ᠃ ᠡᠷᠦᠳᠡᠰᠦ ᠪᠠᠶᠠᠯᠢᠭ ᠤᠨ ᠵᠥᠪᠯᠡᠯ ᠢᠶᠡᠷ ᠲᠡᠷᠡ ᠨᠢ ᠣᠷᠣᠭᠰᠠᠨ ᠴᠤ ᠤᠷᠳᠤ ᠳᠤ ᠪᠦᠷᠢᠳᠬᠡᠵᠦ ᠠᠪᠤᠭ᠎ᠠ ᠦᠭᠡᠢ᠃ ᠳᠠᠷᠠᠭ᠎ᠠ ᠨᠢ 1990 ᠣᠨ ᠠᠴᠠ ᠬᠣᠶᠢᠰᠢ ᠠᠦᠢᠰᠲᠷᠠᠯᠢᠶ᠎ᠠ ᠶᠢᠨ ᠺᠣᠮᠫᠠᠨᠢ  ᠵᠦᠪᠰᠢᠶᠡᠷᠡᠯ ᠢ ᠨᠢ ᠠᠪᠤᠭᠠᠳ ᠬᠠᠶᠢᠭᠤᠯ ᠬᠢᠭᠰᠡᠨ ᠴᠤ ᠮᠥᠨ ᠯᠠ ᠶᠠᠭᠤ ᠴᠤ ᠣᠯᠤᠭ᠎ᠠ ᠦᠭᠡᠢ ᠪᠠᠶᠢᠳᠠᠭ᠃ ᠲᠤᠬᠠᠢ ᠶᠢᠨ ᠠᠦᠢᠰᠲᠷᠠᠯᠢᠶ᠎ᠠ ᠶᠢᠨ ᠺᠣᠮᠫᠠᠨᠢ ᠠᠴᠠ ᠮᠣᠩᠭᠣᠯ ᠠᠯᠲᠠ ᠺᠤᠷᠫᠤᠷᠠᠼ ᠺᠣᠮᠫᠠᠨᠢ ᠠᠪᠴᠤ ᠬᠠᠶᠢᠭᠤᠯ ᠬᠢᠭᠡᠳ ᠣᠷᠳᠣ ᠢᠯᠡᠷᠡᠭᠦᠯᠦᠭᠰᠡᠨ᠃
– ᠲᠠᠨ ᠢ ᠶᠡᠷᠦᠩᠬᠡᠢ ᠰᠠᠶᠢᠳ ᠲᠠᠢ ᠠᠭᠤᠯᠵᠠᠭᠰᠠᠨ ᠭᠡᠬᠦ ᠰᠤᠷᠠᠭ ᠪᠤᠢ᠃

-ᠣᠭᠲᠣ ᠠᠭᠤᠯᠵᠠᠭ᠎ᠠ ᠦᠭᠡᠢ᠃  ᠪᠢ ᠬᠦᠯᠢᠴᠡᠩᠭᠦᠢ᠂ ᠨᠣᠮᠣᠢ ᠶᠠᠪᠤᠵᠤ ᠢᠷᠡᠭᠰᠡᠨ ᠪᠣᠯ ᠡᠶᠢᠮᠦ ᠵᠦᠢᠯ ᠪᠣᠯᠬᠤ ᠦᠭᠡᠢ ᠪᠠᠶᠢᠬᠤ ᠪᠠᠶᠢᠭᠰᠠᠨ᠃ ᠲᠡᠭᠡᠯ᠎ᠡ ᠭᠡᠳ ᠪᠢ ᠬᠣᠨᠢ ᠰᠢᠭ᠋ ᠶᠠᠪᠤᠵᠤ ᠴᠢᠳᠠᠬᠤ ᠦᠭᠡᠢ᠃ ᠬᠡᠷᠪᠡ  ᠺᠤᠮᠮᠤᠨᠢᠰᠮ ᠢᠶᠡᠨ ᠪᠠᠶᠢᠭᠤᠯᠬᠤ ᠭᠡᠵᠦ ᠪᠠᠶᠢᠭ᠎ᠠ ᠪᠣᠯ ᠮᠣᠩᠭᠣᠯ ᠤᠨ ᠲᠥᠷᠥ ᠳᠦ ᠠᠵᠢᠯᠯᠠᠵᠤ᠂ ᠵᠢᠳᠬᠦᠬᠦ ᠱᠠᠭᠠᠷᠳᠠᠯᠭ᠎ᠠ ᠠᠯᠠᠭ᠎ᠠ᠃

ᠰᠡᠳᠬᠢᠭᠳᠡᠯ ᠦᠯᠡᠳᠡᠭᠡᠬᠦ