ᠠᠯᠲᠠᠨ ᠤ ᠲᠠᠲᠠᠪᠤᠷᠢ ᠶᠢ ᠪᠠᠭᠤᠷᠠᠭᠤᠯᠬᠤ ᠬᠠᠤᠯᠢ ᠶᠢᠨ ᠲᠥᠰᠥᠯ ᠢ ᠳᠡᠮᠵᠢᠯ᠎ᠡ | News.MN

ᠠᠯᠲᠠᠨ ᠤ ᠲᠠᠲᠠᠪᠤᠷᠢ ᠶᠢ ᠪᠠᠭᠤᠷᠠᠭᠤᠯᠬᠤ ᠬᠠᠤᠯᠢ ᠶᠢᠨ ᠲᠥᠰᠥᠯ ᠢ ᠳᠡᠮᠵᠢᠯ᠎ᠡ

ᠤᠯᠤᠰ ᠤᠨ ᠶᠡᠬᠡ ᠬᠤᠷᠠᠯ ᠳ᠋ᠡᠬᠢ ᠮᠤᠩᠭᠤᠯ ᠠᠷᠠᠳ ᠤᠨ ᠨᠠᠮ ᠍ ᠤᠨ ᠪᠦᠯᠦᠭ ᠦᠨ ᠥᠨᠥᠳᠥᠷ ︵2019.03.18 ︶ ᠤᠨ ᠬᠤᠷᠠᠯᠳᠤᠭᠠᠨ ᠢᠶᠠᠷ ᠲᠠᠲᠠᠪᠤᠷᠢ ᠶᠢᠨ ᠪᠠᠭᠴᠠ ᠬᠠᠤᠯᠢ ᠶᠢᠨ ᠲᠥᠰᠥᠯ᠂  ︽ᠠᠰᠢᠭᠲᠤ ᠮᠠᠯᠲᠠᠮᠠᠯ ᠤᠨ ᠲᠤᠬᠠᠢ︾ ᠬᠠᠤᠯᠢ ᠳᠤ ᠥᠭᠡᠷᠡᠴᠢᠯᠡᠯᠲᠡ ᠤᠷᠤᠭᠤᠯᠬᠤ ᠲᠤᠬᠠᠢ ᠬᠠᠤᠯᠢ ᠶᠢᠨ ᠲᠥᠰᠥᠯ ᠢ ᠬᠡᠯᠡᠯᠴᠡᠨ ᠳᠡᠮᠵᠢᠬᠦ ᠨᠢ ᠵᠦᠢᠲᠡᠢ ᠭᠡᠵᠦ ᠦᠵᠡᠯ᠎ᠡ᠃ ᠬᠡᠯᠡᠯᠴᠡᠭᠰᠡᠨ ᠠᠰᠠᠭᠤᠳᠠᠯ ᠤᠨ ᠲᠠᠯ᠎ᠠ ᠪᠠᠷ ᠪᠦᠯᠦᠭ ᠦᠨ ᠳᠠᠷᠤᠭ᠎ᠠ ᠳ ∙ ᠲᠣᠭᠲᠠᠬᠤᠰᠦ᠋ᠷᠦᠩ᠂ ᠪᠦᠯᠦᠭ ᠦᠨ ᠳᠡᠳ᠋ ᠳᠠᠷᠤᠭ᠎ᠠ ᠶᠠ᠊∙ᠰᠤᠳᠤᠪᠠᠭᠠᠲᠤᠷ ᠨᠠᠷ ᠰᠡᠳᠬᠦᠯᠴᠢᠳ ᠲᠦ ᠮᠡᠳᠡᠭᠡᠯᠡᠯ ᠬᠢᠵᠦ ᠰᠣᠨᠢᠷᠬᠠᠭᠰᠠᠨ ᠠᠰᠠᠭᠤᠯᠲᠠ ᠳᠤ ᠬᠠᠷᠢᠭᠤᠯᠲᠠ ᠥᠭᠪᠡ᠃
– ᠠᠯᠲᠠᠨ ᠤ ᠲᠤᠰᠢᠶᠠᠯᠲᠠ ᠪᠠᠭ᠎ᠠ ᠪᠠᠶᠢᠨ᠎ᠠ ᠭᠡᠵᠦ ᠶᠠᠷᠢᠵᠠᠭᠠᠵᠤ ᠪᠠᠶᠢᠨ᠎ᠠ᠃ ᠬᠢᠨᠠᠯᠲᠠ ᠲᠠᠯᠪᠢᠬᠤ ᠠᠵᠢᠯ ᠢᠶᠠᠨ ᠴᠢᠩᠭᠠᠳᠬᠠᠵᠤ ᠪᠣᠯᠳᠠᠭ ᠦᠭᠡᠢ ᠶᠤᠮ ᠤᠤ ︖
– ᠶᠠ᠊∙ᠰᠤᠳᠤᠪᠠᠭᠠᠲᠤᠷ᠄ ᠠᠯᠲᠠᠨ ᠤ ᠮᠠᠶᠢᠮᠠᠢ ᠬᠠᠤᠯᠢ ᠪᠤᠰᠤ ᠪᠠᠷ ᠶᠠᠪᠤᠬᠤ᠂ ᠬᠠᠷ᠎ᠠ ᠵᠠᠬ᠎ᠠ ᠪᠤᠢ ᠪᠣᠯᠬᠤ ᠡᠷᠡᠰᠳᠡᠯ ᠡᠭᠦᠰᠴᠢᠬᠡᠭᠡᠳ ᠪᠠᠶᠢᠨ᠎ᠠ᠃ ᠡᠨᠡ ᠠᠰᠢᠭᠲᠤ ᠮᠠᠯᠲᠠᠮᠠᠯ ᠢᠶᠠᠨ ᠮᠣᠩᠭᠣᠯ ᠳᠤ ᠪᠠᠨ ᠠᠪᠴᠤ ᠦᠯᠡᠳᠡᠬᠦ ᠡᠭᠦᠳᠡᠨ ᠡᠴᠡ ᠲᠠᠲᠠᠪᠤᠷᠢ ᠶᠢᠨ ᠤᠷᠴᠢᠨ ᠳᠤ ᠥᠭᠡᠷᠡᠴᠢᠯᠡᠯᠲᠡ ᠤᠷᠤᠭᠤᠯᠬᠤ ᠱᠠᠭᠠᠷᠳᠠᠯᠭ᠎ᠠ ᠡᠭᠦᠰᠦᠭᠡᠳ ᠪᠠᠶᠢᠨ᠎ᠠ᠃ ᠡᠨᠡ ᠬᠠᠤᠯᠢ ᠶᠢ ᠭᠠᠷᠭᠠᠬᠤ ᠦᠭᠡᠢ ᠪᠣᠯ ᠠᠰᠢᠭᠲᠤ ᠮᠠᠯᠲᠠᠮᠠᠯ ᠤᠨ ᠨᠥᠭᠡᠴᠡ ᠠᠰᠢᠭᠯᠠᠭᠰᠠᠨ ᠤ ᠲᠥᠯᠥᠪᠦᠷᠢ 5 ᠬᠤᠪᠢ᠂ ᠦᠨ᠎ᠡ ᠶᠢᠨ ᠥᠰᠦᠯᠲᠡ ᠡᠴᠡ ᠬᠠᠮᠢᠶᠠᠷᠤᠭᠰᠠᠨ 0-5 ᠬᠤᠪᠢ ᠶᠢ ᠨᠡᠮᠡᠭᠡᠳ ᠦᠨᠳᠦᠰᠦᠨ ᠳᠦ ᠪᠡᠨ 9-10  ᠬᠤᠪᠢ ᠶᠢᠨ ᠲᠠᠲᠠᠪᠤᠷᠢ ᠲᠠᠢ ᠪᠣᠯᠴᠢᠬᠠᠭᠠᠳ ᠪᠠᠶᠢᠨ᠎ᠠ᠃ ᠣᠯᠠᠨ ᠤᠯᠤᠰ ᠲᠤ ᠬᠠᠮᠤᠭ ᠤᠨ ᠳᠡᠭᠡᠳᠦ ᠲᠠᠯ᠎ᠠ ᠨᠢ 6  ᠬᠤᠪᠢ ᠶᠢᠨ ᠲᠠᠲᠠᠪᠤᠷᠢ ᠲᠠᠢ ᠪᠠᠶᠢᠭ᠎ᠠ᠃ ᠵᠢᠯ ᠦᠨ ᠡᠴᠦᠰ ᠦᠨ ᠪᠠᠶᠢᠳᠠᠯ ᠠᠴᠠ ᠬᠠᠷᠠᠬᠤ ᠳᠤ ᠠᠯᠲᠠ  ᠲᠤᠰᠢᠶᠠᠯᠲᠠ 81 ᠬᠤᠪᠢ ᠪᠠᠷ ᠪᠠᠭᠤᠷᠠᠭᠰᠠᠨ᠃
– ᠬᠠᠤᠯᠢ ᠶᠢᠨ ᠬᠡᠷᠡᠭᠵᠢᠬᠦ ᠬᠤᠭᠤᠴᠠᠭ᠎ᠠ ᠶᠢ ᠰᠤᠩᠭᠠᠪᠠᠯ ᠠᠯᠲᠠ ᠴᠡᠪᠡᠷᠰᠢᠭᠦᠯᠬᠦ ᠦᠢᠯᠡᠳᠪᠦᠷᠢ ᠪᠡᠨ ᠪᠠᠷᠢᠵᠤ ᠠᠮᠵᠢᠬᠤ ᠤᠤ ︖
– ᠶᠠ᠊∙ᠰᠤᠳᠤᠪᠠᠭᠠᠲᠤᠷ᠄ ᠠᠯᠲᠠ ᠴᠡᠪᠡᠷᠰᠢᠭᠦᠯᠬᠦ ᠦᠢᠯᠡᠳᠪᠦᠷᠢ ᠪᠠᠷᠢᠬᠤ ᠡᠰᠡᠬᠦ  ᠡᠴᠦᠰ ᠦᠨ ᠰᠢᠢᠳᠪᠦᠷᠢ ᠭᠠᠷᠤᠭ᠎ᠠ ᠦᠭᠡᠢ᠃ ᠠᠯᠲᠠ ᠴᠡᠪᠡᠷᠰᠢᠭᠦᠯᠬᠦ ᠦᠢᠯᠡᠳᠪᠦᠷᠢ ᠪᠠᠷᠢᠬᠤ ᠶᠢᠨ ᠲᠤᠯᠠᠳᠠ ᠬᠠᠤᠯᠢ ᠶᠢᠨ ᠬᠡᠷᠡᠭᠵᠢᠬᠦ ᠬᠤᠭᠤᠴᠠᠭ᠎ᠠ ᠶᠢ ᠰᠤᠩᠭᠠᠬᠤ ᠭᠡᠳ ᠪᠠᠶᠢᠭ᠎ᠠ ᠶᠤᠮ ᠪᠢᠰᠢ᠃ ᠥᠨᠥ ᠶᠢᠨ ᠳᠣᠲᠣᠭᠠᠳᠤ ᠶᠢᠨ ᠡᠳ᠋ ᠍ ᠦᠨ ᠵᠠᠰᠠᠭ ᠤᠨ ᠨᠥᠬᠥᠴᠡᠯ ᠪᠠᠶᠢᠳᠠᠯ᠂ ᠪᠤᠰᠤᠳ ᠣᠷᠣᠨ ᠨᠤᠭᠤᠳ ᠤᠨ ᠠᠯᠲᠠᠨ ᠤ ᠲᠠᠲᠠᠪᠤᠷᠢ ᠶᠢᠨ ᠣᠷᠴᠢᠨ ᠲᠠᠢ ᠬᠠᠷᠢᠴᠠᠭᠤᠯᠤᠨ ᠲᠣᠮᠣ ᠵᠢᠷᠤᠭ ᠢᠶᠠᠷ ᠨᠢ ᠰᠠᠯᠪᠤᠷᠢ ᠶᠢᠨ ᠬᠥᠭᠵᠢᠯ ᠲᠠᠯ᠎ᠠ ᠠᠴᠠ ᠨᠢ ᠬᠠᠷᠠᠵᠤ ᠪᠠᠶᠢᠨ᠎ᠠ᠃
– ᠲᠠᠲᠠᠪᠤᠷᠢ ᠶᠢᠨ ᠪᠠᠭᠴᠠ ᠬᠠᠤᠯᠢ ᠶᠢᠨ ᠭᠣᠣᠯ ᠥᠭᠡᠷᠡᠴᠢᠯᠡᠯᠲᠡ ᠶᠠᠭᠤ ᠪᠤᠢ ︖
– ᠪ∙ᠪᠠᠲᠤᠲᠡᠮᠦᠷ᠄ ᠲᠠᠲᠠᠪᠤᠷᠢ ᠶᠢᠨ ᠬᠠᠤᠯᠢ ᠶᠢᠨ ᠭᠣᠣᠯ ᠠᠭᠤᠯᠭ᠎ᠠ ᠨᠢ ᠵᠢᠵᠢᠭ᠂ ᠳᠤᠮᠳᠠ ᠠᠵᠤ ᠠᠬᠤᠢ ᠶᠢᠨ ᠨᠢᠭᠡᠴᠡ ᠶᠢ ᠨᠢᠭᠡ ᠬᠤᠪᠢ  ᠶᠢᠨ ᠲᠠᠲᠠᠪᠤᠷᠢ ᠲᠠᠢ ᠪᠣᠯᠭᠠᠵᠤ ᠪᠠᠶᠢᠭ᠎ᠠ᠃ 50 ᠰᠠᠶ᠎ᠠ ᠬᠦᠷᠲᠡᠯᠡᠬᠢ ᠲᠥᠭᠥᠷᠢᠭ ᠦᠨ ᠪᠣᠷᠣᠯᠠᠭᠤᠯᠤᠯᠲᠠ ᠶᠢᠨ ᠣᠷᠣᠯᠭ᠎ᠠ ᠲᠠᠢ ᠠᠵᠤ ᠠᠬᠤᠢ ᠶᠢᠨ ᠨᠢᠭᠡᠴᠡ ᠬᠢᠯᠪᠠᠷᠰᠢᠭᠤᠯᠤᠭᠰᠠᠨ ᠲᠠᠶᠢᠯᠤᠨ ᠭᠠᠷᠭᠠᠬᠤ ᠪᠥᠭᠡᠳ ᠨᠢᠭᠡ ᠬᠤᠪᠢ ᠶᠢᠨ ᠲᠠᠲᠠᠪᠤᠷᠢ ᠲᠥᠯᠦᠳᠡᠭ᠃ 1.5 ᠲᠡᠷᠪᠤᠮ ᠲᠥᠭᠥᠷᠢᠭ ᠦᠨ ᠪᠣᠷᠣᠯᠠᠭᠤᠯᠤᠯᠲᠠ ᠶᠢᠨ ᠣᠷᠣᠯᠭ᠎ᠠ ᠲᠠᠢ ᠠᠵᠤ ᠠᠬᠤᠢ ᠶᠢᠨ ᠨᠢᠭᠡᠴᠡ 10  ᠬᠤᠪᠢ ᠶᠢᠨ ᠲᠠᠲᠠᠪᠤᠷᠢ ᠲᠥᠯᠦᠵᠦ᠂ 90  ᠬᠤᠪᠢ ᠶᠢᠨ ᠬᠥᠩᠭᠡᠯᠡᠯᠲᠡ ᠦᠵᠡᠭᠦᠯᠬᠦ ᠶᠤᠮ᠃

ᠰᠡᠳᠬᠢᠭᠳᠡᠯ ᠦᠯᠡᠳᠡᠭᠡᠬᠦ