︽ᠬᠥᠮᠥᠨ ᠪᠢᠴᠢᠭ︾ ᠰᠣᠨᠢᠨ ᠢ ᠠᠩᠭᠢ ᠪᠠᠷ ᠢᠶᠠᠨ ᠵᠠᠬᠢᠶᠠᠯᠠᠨ᠎ᠠ | News.MN

︽ᠬᠥᠮᠥᠨ ᠪᠢᠴᠢᠭ︾ ᠰᠣᠨᠢᠨ ᠢ ᠠᠩᠭᠢ ᠪᠠᠷ ᠢᠶᠠᠨ ᠵᠠᠬᠢᠶᠠᠯᠠᠨ᠎ᠠ

ᠰᠡᠯᠡᠩᠭᠡ ᠠᠶᠢᠮᠠᠭ ᠤᠨ ᠴᠠᠭᠠᠨᠨᠠᠭᠤᠷ ᠰᠤᠮᠤ ᠶᠢᠨ ᠶᠡᠷᠦᠩᠬᠡᠢ ᠪᠣᠯᠪᠠᠰᠤᠷᠠᠯ ᠤᠨ ᠰᠤᠷᠭᠠᠭᠤᠯᠢ ᠶᠢᠨ ᠪ ∙ ᠪᠣᠯᠣᠷᠵᠢᠷᠭᠠᠯ ᠪᠠᠭᠰᠢ ᠲᠠᠢ 6a ᠠᠩᠬᠢ ᠶᠢᠨ ᠰᠤᠷᠤᠭᠴᠢᠳ ᠡᠨᠡ ᠬᠢᠴᠢᠶᠡᠯ ᠦᠨ ᠵᠢᠯ ᠡᠴᠡ ᠮᠣᠩᠭᠣᠯ ᠪᠢᠴᠢᠭ ᠦᠨ ᠴᠠᠭᠠᠨ ᠲᠣᠯᠣᠭᠠᠢ ᠶᠢᠨ ᠬᠢᠴᠢᠶᠡᠯ ᠢ ᠦᠵᠡᠵᠦ ᠰᠤᠳᠤᠯᠤᠨ᠂ ᠠᠮᠵᠢᠯᠲᠠᠲᠠᠢ ᠰᠤᠷᠤᠯᠴᠠᠵᠤ ᠪᠠᠶᠢᠨ᠎ᠠ᠃
ᠲᠤᠰ ᠠᠩᠬᠢ ᠶᠢᠨ ᠬᠠᠮᠲᠤ ᠣᠯᠠᠨ ᠮᠣᠩᠭᠣᠯ ᠪᠢᠴᠢᠭ ᠢᠶᠡᠨ ᠰᠠᠶᠢᠨ ᠰᠤᠷᠴᠦ ᠂ ᠰᠣᠨᠢᠨ ᠰᠡᠳᠬᠦᠯ ᠤᠩᠰᠢᠵᠤ᠂ ᠦᠨᠳᠦᠰᠦᠨ ᠦ ᠪᠢᠴᠢᠭ ᠢᠶᠡᠷ ᠢᠶᠡᠨ ᠮᠡᠳᠡᠭᠡᠯᠡᠯ ᠬᠦᠯᠢᠶᠡᠨ ᠠᠪᠳᠠᠭ ᠪᠣᠯᠬᠤ᠂ ᠮᠥᠨ ᠭᠣᠶᠣ ᠰᠠᠶᠢᠬᠠᠨ ᠪᠢᠴᠢᠳᠡᠭ ᠪᠣᠯᠬᠤ ᠡᠷᠬᠢᠮ ᠵᠣᠷᠢᠯᠭ᠎ᠠ ᠶᠢᠨ ᠲᠥᠯᠥᠭᠡ ᠰᠢᠮᠳᠠᠨ ᠰᠤᠷᠤᠯᠴᠠᠵᠤ ᠪᠠᠶᠢᠭ᠎ᠠ ᠭᠡᠨ᠎ᠡ᠃ ᠲᠡᠳᠡ ᠡᠨᠡ ᠤᠯᠠᠷᠢᠯ ᠠᠴᠠ ᠡᠬᠢᠯᠡᠨ ︽ᠬᠥᠮᠥᠨ ᠪᠢᠴᠢᠭ︾ ᠰᠣᠨᠢᠨ ᠢᠶᠠᠨ ᠠᠩᠭᠢ ᠪᠠᠷ ᠢᠶᠠᠨ ᠵᠠᠬᠢᠶᠠᠯᠠᠬᠤ ᠪᠠᠷ ᠪᠣᠯᠵᠠᠢ᠃ 6A ᠠᠩᠭᠢ ᠳᠤ ᠮᠣᠩᠭᠣᠯ ᠪᠢᠴᠢᠭ ᠦᠨ ᠬᠢᠴᠢᠶᠡᠯ ᠢ ᠣ᠊ ∙ ᠰᠠᠷᠠᠨᠴᠢᠮᠡᠭ ᠪᠠᠭᠰᠢ ᠵᠢᠭᠠᠳᠠᠭ᠃  ᠰᠤᠷᠤᠭᠴᠢᠳ  ︽ᠬᠥᠮᠥᠨ ᠪᠢᠴᠢᠭ︾ ᠰᠣᠨᠢᠨ ᠵᠠᠬᠢᠶᠠᠯᠠᠬᠤ ᠨᠢ ᠭᠡᠷ ᠪᠦᠯᠢ ᠶᠢᠨ ᠤᠷᠴᠢᠨ ᠳᠤ ᠪᠠᠨ ᠠᠪᠤ ᠡᠵᠢ᠂ ᠠᠬ᠎ᠠ ᠡᠭᠡᠴᠢ ᠲᠡᠢ ᠪᠡᠨ ᠬᠠᠮᠲᠤᠷᠠᠨ ᠤᠩᠰᠢᠵᠤ ᠰᠤᠷᠬᠤ ᠣᠷᠴᠢᠨ ᠨᠥᠬᠥᠴᠡᠯ ᠪᠥᠷᠢᠳᠴᠦ᠂ ᠦᠨᠳᠦᠰᠦᠨ ᠦ ᠪᠢᠴᠢᠭ ᠦᠰᠦᠭ ᠦᠨ ᠪᠣᠯᠪᠠᠰᠤᠷᠠᠯ ᠳᠤ ᠣᠯᠠᠨ ᠨᠡᠶᠢᠲᠡ ᠶᠢ ᠲᠠᠲᠠᠨ ᠣᠷᠤᠯᠴᠠᠭᠤᠯᠬᠤ ᠨᠢᠭᠡᠨ ᠲᠣᠮᠣ ᠠᠯᠬᠤᠮ ᠬᠡᠮᠡᠨ ᠦᠵᠡᠵᠦ ᠪᠠᠶᠢᠭ᠎ᠠ ᠶᠤᠮ ᠃

ᠰᠡᠳᠬᠢᠭᠳᠡᠯ ᠦᠯᠡᠳᠡᠭᠡᠬᠦ