11 ᠠᠯᠲᠠᠨ ᠮᠧᠳᠠᠯ ᠢ ᠡᠬᠡ ᠣᠷᠣᠨ ᠳᠤ ᠪᠠᠨ ᠠᠪᠴᠢᠷᠠᠯ᠎ᠠ | News.MN

11 ᠠᠯᠲᠠᠨ ᠮᠧᠳᠠᠯ ᠢ ᠡᠬᠡ ᠣᠷᠣᠨ ᠳᠤ ᠪᠠᠨ ᠠᠪᠴᠢᠷᠠᠯ᠎ᠠ

ᠠᠷᠠᠪ ᠤᠨ ᠨᠢᠭᠡᠳᠦᠭᠰᠡᠨ ᠡᠮᠢᠷᠠᠲ ᠤᠯᠤᠰ ᠤᠨ ᠠᠪᠤ ᠳ᠋ᠠᠪᠢ ᠬᠤᠲᠠ ᠳᠤ ᠪᠣᠯᠵᠤ ᠪᠤᠢ ᠲᠤᠰᠬᠠᠢ ᠣᠯᠢᠮᠫ ᠤᠨ ᠵᠤᠨ ᠤ ᠠᠷᠪᠠᠨ ᠲᠠᠪᠤᠳᠠᠬᠢ ᠨᠠᠭᠠᠳᠤᠮ ᠳᠤ 190 ᠣᠷᠣᠨ ᠤ 7500 ᠲᠠᠮᠢᠷᠴᠢᠨ ᠰᠫᠣᠷᠲ ᠤᠨ 24 ᠲᠥᠷᠥᠯ ᠢᠶᠡᠷ ᠥᠷᠢᠰᠦᠯᠳᠦᠵᠦ ᠪᠠᠶᠢᠨ᠎ᠠ᠃ ᠮᠣᠩᠭᠣᠯ ᠤᠯᠤᠰ ᠠᠴᠠ 28 ᠲᠠᠮᠢᠷᠴᠢᠨ ᠣᠷᠣᠯᠴᠠᠵᠤ᠂ ᠬᠣᠶᠠᠷ ᠠᠯᠲᠠ᠂ ᠭᠤᠷᠪᠠᠨ ᠮᠥᠩᠭᠥ᠂ ᠵᠢᠷᠭᠤᠭᠠᠨ ᠬᠦᠷᠡᠯ ᠮᠧᠳᠠᠯ ᠬᠦᠷᠲᠡᠭᠡᠳ ᠪᠠᠶᠢᠨ᠎ᠠ᠃
ᠮᠣᠩᠭᠣᠯ ᠤᠨ ᠲᠤᠰᠬᠠᠢ ᠣᠯᠢᠮᠫ ᠤᠨ ᠪᠠᠭ ᠲᠤ ᠬᠥᠳᠡᠭᠡ ᠣᠷᠣᠨ ᠨᠤᠲᠤᠭ ᠤᠨ ᠲᠤᠰᠬᠠᠢ ᠰᠤᠷᠭᠠᠭᠤᠯᠢ ᠠᠴᠠ ᠳᠣᠯᠣᠭᠠᠨ ᠬᠡᠦᠬᠡᠳ ᠪᠠᠭᠲᠠᠭᠰᠠᠨ ᠪᠥᠭᠡᠳ ᠲᠡᠳᠡᠨ ᠦ ᠬᠣᠶᠠᠷ ᠨᠢ ᠡ᠊∙ᠡᠩᠬᠡᠲᠤᠤᠯᠠ᠂ ᠪ∙ᠮᠢᠭᠮᠠᠷᠨᠠᠷᠠᠨ ᠶᠤᠮ᠃ ᠡ᠊∙ᠡᠩᠬᠡᠲᠤᠤᠯᠠ ᠬᠣᠪᠳᠣ ᠠᠶᠢᠮᠠᠭ ᠠᠴᠠ ᠢᠷᠡᠵᠦ ᠣᠷᠣᠯᠴᠠᠵᠤ ᠪᠠᠶᠢᠭ᠎ᠠ ᠪᠥᠭᠡᠳ ᠥᠩᠭᠡᠷᠡᠭᠰᠡᠨ ᠬᠣᠶᠠᠳᠤᠭᠠᠷ ᠰᠠᠷ᠎ᠠ ᠠᠴᠠ ᠡᠬᠢᠯᠡᠨ ᠪᠤᠴᠴᠸ ᠶᠢᠨ ᠲᠥᠷᠥᠯ ᠢᠶᠡᠷ ᠬᠢᠴᠢᠶᠡᠯᠯᠡᠵᠦ ᠡᠬᠢᠯᠡᠵᠡᠢ᠃ ︽ᠠᠶᠢᠮᠠᠭ ᠠᠴᠠ ᠪᠠᠨ ᠠᠪᠤ ᠲᠠᠢ ᠪᠠᠨ ᠨᠡᠶᠢᠰᠯᠡᠯ ᠳᠦ ᠢᠷᠡᠵᠦ ᠪᠡᠯᠡᠳᠬᠡᠯ ᠰᠤᠷᠭᠠᠭᠤᠯᠢᠯᠠᠯᠲᠠ ᠪᠠᠨ ᠬᠢᠵᠦ ᠪᠠᠶᠢᠭᠠᠳ ᠡᠶᠢᠨ ᠬᠦ ᠲᠤᠰᠬᠠᠢ ᠤᠯᠢᠮᠫ ᠲᠤ ᠣᠷᠣᠯᠴᠠᠵᠤ ᠪᠠᠶᠢᠨ᠎ᠠ᠃ ᠠᠪᠤ ᠮᠠᠨᠢ ᠨᠠᠮᠠᠶᠢ ᠬᠤᠲᠠ ᠳᠤ ᠬᠦᠯᠢᠶᠡᠵᠦ ᠪᠠᠶᠢᠭ᠎ᠠ︾ ᠬᠡᠮᠡᠨ ᠶᠠᠷᠢᠭᠰᠠᠨ ᠲᠡᠭᠦᠨ ᠦ ᠬᠤᠪᠢ ᠳᠤ ᠴᠡᠷᠢᠭ ᠦᠨ ᠪᠠᠶᠠᠷ ᠢᠶᠠᠷ ᠲᠤᠰᠬᠠᠢ ᠣᠯᠢᠮᠫ ᠤᠨ ᠬᠦᠷᠡᠯ ᠮᠧᠳᠠᠯ ᠬᠦᠷᠲᠡᠵᠦ᠂ ᠠᠪᠤ ᠳᠤ ᠪᠠᠨ ᠪᠡᠯᠡᠭ ᠪᠠᠷᠢᠯ᠎ᠠ᠃ ᠪ∙ᠮᠢᠭᠮᠠᠷᠨᠠᠷᠠᠨ ᠳᠠᠷᠬᠠᠨ ᠠᠴᠠ ᠲᠤᠰᠬᠠᠢ ᠣᠯᠢᠮᠫ ᠤᠨ ᠨᠠᠭᠠᠳᠤᠮ ᠳᠤ ᠣᠷᠣᠯᠴᠠᠬᠤ ᠪᠠᠷ ᠰᠣᠩᠭᠣᠭᠳᠠᠭᠰᠠᠨ᠃ ᠲᠡᠷᠡᠪᠡᠷ ᠪᠠᠳᠮᠢᠨᠲ᠋ᠣᠨ ᠤ ᠰᠫᠣᠷᠲ ᠢᠶᠠᠷ ᠬᠢᠴᠢᠶᠡᠯᠯᠡᠭᠡᠳ ᠪᠠᠭ᠎ᠠ ᠦᠭᠡᠢ ᠬᠤᠭᠤᠴᠠᠭ᠎ᠠ ᠪᠣᠯᠵᠤ ᠪᠤᠢ᠃ ᠡᠨᠡ ᠤᠳᠠᠭ᠎ᠠ ᠶᠢᠨ ᠲᠤᠰᠬᠠᠢ ᠣᠯᠢᠮᠫ ᠤᠨ ᠨᠠᠭᠠᠳᠤᠮ ᠳᠤ ᠭᠠᠭᠴᠠᠭᠠᠷᠴᠢᠯᠠᠭᠰᠠᠨ᠂ ᠬᠣᠣᠰ ᠤᠨ᠂ ᠳᠡᠮᠵᠢᠨ ᠲᠣᠭᠯᠠᠭᠴᠢ ᠲᠠᠢ ᠭᠡᠬᠦ ᠲᠥᠷᠥᠯ ᠦᠳ ᠲᠦ ᠣᠷᠣᠯᠴᠠᠬᠤ ᠪᠠᠷ ᠢᠷᠡᠭᠰᠡᠨ᠃ ᠬᠠᠮᠤᠭ ᠤᠨ ᠣᠯᠠᠨ ᠲᠣᠭᠯᠠᠯᠲᠠ ᠬᠢᠬᠦ ᠬᠦᠨᠳᠦᠬᠡᠨ ᠠᠴᠢᠶ᠎ᠠ ᠲᠡᠭᠦᠨ ᠳᠦ ᠨᠣᠭᠳᠠᠭᠠᠳ ᠪᠤᠢ᠃ ᠭᠡᠪᠡᠴᠦ ᠠᠮᠵᠢᠯᠲᠠ ᠪᠠᠨ ᠠᠬᠢᠭᠤᠯᠵᠤ᠂ ᠮᠧᠳᠠᠯ ᠤᠨ ᠢᠶᠠᠨ ᠲᠣᠭ᠎ᠠ ᠶᠢ ᠨᠡᠮᠡᠨ᠎ᠡ ᠭᠡᠳᠡᠭ ᠲᠦ ᠪᠡᠨ ᠢᠲᠡᠭᠡᠯ ᠳᠦᠭᠦᠷᠡᠩ ᠪᠠᠶᠢᠭ᠎ᠠ ᠶᠤᠮ᠃

ᠰᠡᠳᠬᠢᠭᠳᠡᠯ ᠦᠯᠡᠳᠡᠭᠡᠬᠦ