ᠡ᠊∙ᠪᠢᠯᠢᠭᠦᠨ ᠮᠦᠩᠭᠦᠨ ᠮᠧᠳᠠᠯ ᠬᠦᠷᠲᠡᠯ᠎ᠡ | News.MN

ᠡ᠊∙ᠪᠢᠯᠢᠭᠦᠨ ᠮᠦᠩᠭᠦᠨ ᠮᠧᠳᠠᠯ ᠬᠦᠷᠲᠡᠯ᠎ᠡ

ᠲᠤᠰᠬᠠᠢ ᠣᠯᠢᠮᠫ ᠤᠨ ᠶᠢᠰᠦᠳᠡᠬᠢ ᠮᠧᠳᠠᠯ ᠢ ᠵᠢᠦ᠋ᠳᠣ᠋ ᠍ ᠶᠢᠨ ᠡᠷᠡᠭᠲᠡᠶᠢᠴᠦᠳ ᠦᠨ -66 ᠺᠢᠯᠦᠭᠷᠡᠮ ᠦᠨ ᠵᠢᠩ ᠳᠦ ᠪᠠᠷᠢᠯᠳᠤᠭᠰᠠᠨ ᠡ᠊∙ᠪᠢᠯᠢᠭᠦᠨ ᠬᠦᠷᠲᠡᠯ᠎ᠡ᠃ ᠮᠠᠨ ᠤ ᠪᠠᠭ ᠲᠤ ᠵᠢᠦ᠋ᠳᠣ᠋ ᠶᠢᠨ ᠲᠠᠪᠤᠨ ᠲᠠᠮᠢᠷᠴᠢᠨ ᠪᠠᠭᠲᠠᠭᠰᠠᠨ ᠪᠥᠭᠡᠳ ᠲᠡᠳᠡ ᠪᠦᠭᠦᠳᠡ ᠵᠢᠩ ᠦᠨ ᠢᠶᠡᠨ ᠨᠢᠭᠡᠳᠦᠭᠡᠷ ᠠᠩᠭᠢᠯᠠᠯ ᠳᠤ ᠪᠠᠭᠲᠠᠭᠰᠠᠨ᠃ ᠥᠭᠡᠷ᠎ᠡ ᠪᠡᠷ ᠬᠡᠯᠡᠪᠡᠯ ᠤᠷ᠎ᠠ ᠴᠢᠳᠠᠪᠤᠷᠢ ᠪᠠᠷ ᠬᠠᠮᠤᠭ ᠤᠨ ᠰᠢᠯᠢᠳᠡᠭ ᠲᠠᠮᠢᠷᠴᠢᠳ ᠲᠠᠢ ᠪᠠᠷᠢᠯᠳᠤᠭᠠᠨ ᠬᠢᠭᠰᠡᠨ ᠶᠤᠮ᠃ ᠡ᠊∙ᠪᠢᠯᠢᠭᠦᠨ ᠮᠥᠨ ᠴᠤ ᠰᠢᠷᠦᠭᠦᠨ ᠪᠠᠷᠢᠯᠳᠤᠭᠠᠨ ᠨᠤᠭᠤᠳ ᠬᠢᠵᠦ ᠮᠥᠩᠭᠥᠨ ᠮᠧᠳᠠᠯ ᠬᠦᠷᠲᠡᠭᠰᠡᠨ᠃
ᠲᠡᠷᠡ ᠣᠳᠣ 18 ᠨᠠᠰᠤᠲᠠᠢ᠃ ᠲᠡᠷᠡᠪᠡᠷ 63 ᠳ᠋ᠤᠭᠠᠷ ᠲᠤᠰᠬᠠᠢ ᠰᠤᠷᠭᠠᠭᠤᠯᠢ ᠶᠢ ᠲᠡᠭᠦᠰᠦᠭᠰᠡᠨ ᠪᠥᠭᠡᠳ ᠲᠠᠪᠤᠳᠤᠭᠠᠷ ᠠᠩᠭᠢ ᠠᠴᠠ ᠪᠠᠨ ᠡᠬᠢᠯᠡᠨ ᠵᠢᠦ᠋ᠳᠣ᠋ ᠍ ᠶᠢᠨ ᠰᠫᠣᠷᠲ ᠢᠶᠠᠷ ᠬᠢᠴᠢᠶᠡᠯᠯᠡᠵᠡᠢ᠃ ᠲᠤᠰᠬᠠᠢ ᠣᠯᠢᠮᠫ ᠤᠨ ᠨᠠᠭᠠᠳᠤᠮ ᠳᠤ ᠣᠷᠣᠯᠴᠠᠬᠤ ᠠᠴᠠ ᠡᠮᠦᠨ᠎ᠡ ᠲᠡᠷᠡ ᠪᠡᠷ ᠬᠠᠨ-ᠠᠭᠤᠯᠠ ᠳᠡᠭᠦᠷᠭᠡ ᠶᠢᠨ ᠵᠢᠦ᠋ᠳᠣ᠋ ᠪᠥᠬᠡ ᠶᠢᠨ ᠠᠪᠤᠷᠭᠤ ᠰᠢᠯᠭᠠᠷᠠᠭᠤᠯᠬᠤ ᠲᠡᠮᠡᠴᠡᠭᠡᠨ ᠳᠦ ᠣᠷᠣᠵᠤ᠂ ᠮᠧᠳᠠᠯ ᠤᠨ ᠲᠥᠯᠥᠭᠡ ᠥᠷᠢᠰᠦᠯᠳᠦᠭᠰᠡᠨ ᠶᠤᠮ᠃ ᠡ᠊∙ᠪᠢᠯᠢᠭᠦᠨ 63 ᠳ᠋ᠤᠭᠠᠷ ᠰᠤᠷᠭᠠᠭᠤᠯᠢ ᠪᠠᠨ ᠲᠡᠭᠦᠰᠦᠭᠡᠳ ᠬᠦᠨᠡᠰᠦᠨ ᠦ ᠲᠧᠭᠨᠣᠯᠣᠭᠢ ᠶᠢᠨ ᠺᠣᠯᠯᠧᠵᠢ ᠶᠢ ᠲᠣᠭᠣᠭᠠᠴᠢ ᠮᠡᠷᠭᠡᠵᠢᠯ ᠢᠶᠡᠷ ᠳᠦᠭᠦᠷᠭᠡᠵᠡᠢ᠃ ᠭᠡᠬᠦ ᠳᠦ ᠪᠡᠨ ᠴᠢᠨᠠᠭᠰᠢᠳᠠ ᠵᠢᠦ᠋ᠳᠣ᠋ ᠍ ᠶᠢᠨ ᠠᠯᠳᠠᠷᠲᠤ ᠲᠠᠮᠢᠷᠴᠢᠨ ᠪᠣᠯᠵᠤ᠂ ᠠᠮᠵᠢᠯᠲᠠ ᠪᠠᠨ ᠠᠬᠢᠭᠤᠯᠬᠤ ᠲᠡᠮᠡᠦᠯᠦᠯ ᠲᠡᠢ ᠪᠠᠶᠢᠭ᠎ᠠ ᠠᠵᠠᠢ᠃

ᠰᠡᠳᠬᠢᠭᠳᠡᠯ ᠦᠯᠡᠳᠡᠭᠡᠬᠦ