︽ᠵᠠᠩᠭᠠᠷ︾ ᠳᠠᠭᠤᠯᠠᠯᠲᠤ ᠵᠦᠴᠦᠭᠡ 27 ᠍ ᠳᠦ ᠨᠡᠭᠡᠭᠡᠯᠲᠡ ᠪᠡᠨ ᠬᠢᠨ᠎ᠡ | News.MN

︽ᠵᠠᠩᠭᠠᠷ︾ ᠳᠠᠭᠤᠯᠠᠯᠲᠤ ᠵᠦᠴᠦᠭᠡ 27 ᠍ ᠳᠦ ᠨᠡᠭᠡᠭᠡᠯᠲᠡ ᠪᠡᠨ ᠬᠢᠨ᠎ᠡ

ᠬᠣᠪᠳᠣ ᠠᠶᠢᠮᠠᠭ ᠤᠨ ᠬᠥᠭᠵᠢᠮᠲᠦ ᠳ᠋ᠷᠠᠮ ᠤᠨ ᠲᠢᠶᠠᠲ᠋ᠷ ᠤᠨ ᠤᠷᠠᠨ ᠪᠦᠲᠦᠭᠡᠯᠴᠢᠳ ︽ᠵᠠᠩᠭᠠᠷ︾ ᠲᠤᠤᠯᠢᠰ ᠳᠠᠭᠤᠯᠠᠯᠲᠤ ᠵᠦᠴᠦᠭᠡ ᠶᠢ ᠠᠩᠬ᠎ᠠ ᠤᠳᠠᠭ᠎ᠠ ᠲᠠᠶᠢᠰᠠᠨ᠎ᠠ ᠲᠣᠭᠯᠠᠬᠤ ᠪᠠᠷ ᠪᠡᠯᠡᠳᠬᠡᠯ ᠢᠶᠡᠨ ᠬᠢᠵᠦ ᠪᠠᠶᠢᠨ᠎ᠠ᠃ ᠲᠤᠰ  ᠵᠦᠴᠦᠭᠡ ᠡᠨᠡ ᠰᠠᠷ᠎ᠠ ᠶᠢᠨ 27 ᠍ ᠳᠦ ᠦᠵᠡᠭᠴᠢᠳ ᠦᠨ ᠬᠦᠷᠲᠡᠭᠡᠯ ᠪᠣᠯᠤᠨ᠎ᠠ᠃
ᠵᠦᠴᠦᠭᠡ ᠳᠦ ︽ᠵᠠᠩᠭᠠᠷ︾ ᠲᠤᠤᠯᠢᠰ ᠤᠨ ᠵᠣᠬᠢᠶᠠᠯ ᠤᠨ ᠪᠠᠭᠠᠲᠤᠷ ᠤᠳ ᠤᠨ ᠡᠷᠡᠮᠡᠭᠡᠢ ᠳᠠᠶᠢᠴᠢᠨ ᠪᠠᠶᠢᠳᠠᠯ᠂ ᠬᠦᠮᠦᠨ ᠦ ᠮᠥᠨ ᠴᠢᠨᠠᠷ᠂ ᠲᠤᠬᠠᠢ ᠶᠢᠨ ᠦᠶ᠎ᠡ ᠶᠢᠨ ᠨᠥᠬᠥᠴᠡᠯ ᠪᠠᠶᠢᠳᠠᠯ ᠢ ᠬᠠᠷᠠᠭᠤᠯᠬᠤ ᠶᠢ ᠵᠣᠷᠢᠵᠤ ᠪᠠᠶᠢᠨ᠎ᠠ᠃ ᠵᠦᠴᠦᠭᠡ ᠨᠢ 7 ᠦᠵᠡᠭᠳᠡᠯ ᠡᠴᠡ ᠪᠥᠷᠢᠳᠴᠦ ᠪᠠᠶᠢᠭ᠎ᠠ ᠪᠥᠭᠡᠳ ᠶᠡᠷᠦᠩᠬᠡᠢ ᠨᠠᠶᠢᠷᠠᠭᠤᠯᠤᠭᠴᠢ ᠪᠠᠷ ᠰ∙ᠠᠷᠢᠭᠤᠨᠵᠢᠷᠭᠠᠯ ᠠᠵᠢᠯᠯᠠᠵᠤ ᠪᠠᠶᠢᠭ᠎ᠠ ᠶᠤᠮ᠃ ᠵᠦᠴᠦᠭᠡ ᠶᠢᠨ ᠵᠣᠷᠢᠯᠭ᠎ᠠ ᠨᠢ ᠰᠤᠶᠤᠯ ᠤᠨ ᠪᠡᠶᠡᠲᠦ ᠪᠣᠯᠤᠨ ᠪᠡᠶᠡᠲᠦ ᠪᠤᠰᠤ ᠥᠪ ᠢ ᠰᠡᠷᠭᠦᠭᠡᠬᠦ᠂ ᠲᠦᠭᠡᠭᠡᠨ ᠳᠡᠯᠭᠡᠷᠡᠭᠦᠯᠬᠦ᠂ ᠠᠷᠠᠳ ᠲᠦᠮᠡᠨ ᠳᠦ ᠰᠤᠷᠲᠠᠯᠴᠢᠯᠠᠨ ᠲᠠᠨᠢᠭᠤᠯᠬᠤ᠂ ᠦᠷ᠎ᠡ ᠬᠣᠶᠢᠴᠢ ᠳᠤ ᠪᠠᠨ ᠥᠪᠯᠡᠭᠦᠯᠦᠨ ᠦᠯᠡᠳᠡᠭᠡᠬᠦ ᠳᠦ ᠴᠢᠭᠯᠡᠵᠦ ᠪᠠᠶᠢᠭ᠎ᠠ ᠶᠢ ᠤᠷᠠᠨ ᠪᠦᠲᠦᠭᠡᠯᠴᠢᠳ ᠣᠨᠴᠠᠯᠠᠨ ᠬᠡᠯᠡᠯ᠎ᠡ᠃

ᠰᠡᠳᠬᠢᠭᠳᠡᠯ ᠦᠯᠡᠳᠡᠭᠡᠬᠦ