ᠲᠥᠪ ᠠᠶᠢᠮᠠᠭ ᠤᠨ ᠨᠤᠲᠤᠭ ᠬᠥᠰᠢᠭ ᠦᠨ ᠬᠥᠨᠳᠡᠢ ᠳᠦ ᠨᠠᠷᠠᠨ ᠤ ᠴᠠᠬᠢᠯᠭᠠᠨ ᠰᠲ᠋ᠠᠨᠼ ᠪᠠᠷᠢᠭᠳᠠᠵᠤ ᠪᠠᠶᠢᠨ᠎ᠠ᠃ ᠲᠤᠰ ᠪᠦᠲᠦᠭᠡᠨ ᠪᠠᠶᠢᠭᠤᠯᠤᠯᠲᠠ ᠶᠢ ᠰᠠᠩᠬᠦᠦᠵᠢᠭᠦᠯᠬᠦ 18.7 ᠰᠠᠶ᠎ᠠ ᠳ᠋ᠣᠯᠯᠠᠷ ᠤᠨ ᠵᠢᠭᠡᠯᠡ ᠶᠢᠨ ᠭᠡᠷ᠎ᠡ ᠶᠢ ᠥᠨᠥᠳᠥᠷ ᠠᠽᠢᠶ᠎ᠠ ᠶᠢᠨ ᠬᠦᠭᠵᠢᠯ ᠦᠨ ᠪᠠᠩᠭᠢ᠂ ᠠᠽᠢᠶ᠎ᠠ ᠶᠢᠨ ᠳᠡᠳ᠋ ᠪᠦᠲᠦᠴᠡ ᠶᠢᠨ ᠬᠤᠪᠢ ᠶᠢᠨ ᠬᠡᠪᠰᠢᠯ ᠦᠨ ᠬᠥᠷᠥᠩᠭᠡ ᠣᠷᠣᠭᠤᠯᠤᠯᠲᠠ ᠶᠢᠨ ᠰᠠᠩ ︵LEAP︶᠂ ︽ᠲᠡᠨᠢᠭᠦᠨ ᠭᠡᠷᠡᠯ ᠺᠤᠨᠰᠲᠷᠠᠺᠱᠢᠨ︾ ᠵᠡᠷᠭᠡ ᠺᠣᠮᠫᠠᠨᠢ ᠶᠢᠨ ᠬᠣᠭᠣᠷᠣᠨᠳᠣ ᠪᠠᠶᠢᠭᠤᠯᠤᠯ᠎ᠠ᠃ ︽ᠲᠡᠨᠢᠭᠦᠨ ᠭᠡᠷᠡᠯ ᠺᠤᠨᠰᠲᠷᠠᠺᠱᠢᠨ︾ ᠺᠤᠮᠫᠠᠨᠢ᠍ ᠲᠠᠢ ᠪᠠᠶᠢᠭᠤᠯᠵᠤ ᠪᠤᠢ ᠬᠥᠰᠢᠭ ᠦᠨ ᠬᠥᠨᠳᠡᠢ ᠳ᠋ᠡᠬᠢ ᠨᠠᠷᠠᠨ ᠤ ᠴᠠᠬᠢᠯᠭᠠᠨ ᠰᠲ᠋ᠠᠨᠼ ᠤᠨ ᠲᠥᠰᠥᠯ ᠨᠢ ᠮᠣᠩᠭᠣᠯ ᠤᠯᠤᠰ ᠤᠨ ᠰᠡᠷᠭᠦᠭᠡᠭᠳᠡᠬᠦ ᠡᠷᠴᠢᠮ ᠬᠦᠴᠦᠨ ᠦ ᠰᠠᠯᠪᠤᠷᠢ ᠳᠤ ᠠᠽᠢᠶ᠎ᠠ ᠶᠢᠨ ᠬᠦᠭᠵᠢᠯ ᠦᠨ ᠪᠠᠩᠭᠢ᠂ ᠪᠣᠯᠤᠨ LEAP ᠰᠠᠩ ᠤᠨ ᠬᠠᠮᠲᠤᠷᠠᠨ ᠣᠯᠭᠤᠵᠤ ᠪᠤᠢ ᠠᠩᠬᠠᠨ ᠤ ᠰᠠᠩᠬᠦᠦᠵᠢᠯᠲᠡ ᠪᠣᠯᠵᠤ ᠪᠠᠶᠢᠨ᠎ᠠ᠃