ᠲᠧᠨᠳᠧᠷ ᠰᠢᠯᠭᠠᠷᠠᠭᠤᠯᠤᠯᠲᠠ ᠳᠤ ᠭᠠᠳᠠᠭᠠᠳᠤ ᠶᠢᠨ ᠡᠲᠡᠭᠡᠳ ᠣᠷᠣᠯᠴᠠᠬᠤ ᠶᠢ ᠬᠣᠷᠢᠭᠯᠠᠨ᠎ᠠ | News.MN

ᠲᠧᠨᠳᠧᠷ ᠰᠢᠯᠭᠠᠷᠠᠭᠤᠯᠤᠯᠲᠠ ᠳᠤ ᠭᠠᠳᠠᠭᠠᠳᠤ ᠶᠢᠨ ᠡᠲᠡᠭᠡᠳ ᠣᠷᠣᠯᠴᠠᠬᠤ ᠶᠢ ᠬᠣᠷᠢᠭᠯᠠᠨ᠎ᠠ

ᠤᠯᠤᠰ ᠤᠨ ᠶᠡᠬᠡ ᠬᠤᠷᠠᠯ ᠤᠨ ᠴᠢᠭᠤᠯᠭᠠᠨ ᠤ ᠦᠳᠡ ᠡᠴᠡ ᠡᠮᠦᠨᠡᠬᠢ ᠬᠤᠷᠠᠯᠳᠤᠭᠠᠨ ᠢᠶᠠᠷ  ︽ᠲᠥᠷᠥ ᠶᠢᠨ ᠪᠣᠯᠤᠨ ᠣᠷᠣᠨ ᠨᠤᠲᠤᠭ ᠤᠨ ᠥᠮᠴᠢ ᠶᠢᠨ ᠬᠥᠷᠥᠩᠭᠡ ᠪᠡᠷ ᠪᠠᠷᠠᠭ᠎ᠠ ᠠᠵᠢᠯ᠂ ᠦᠢᠯᠡᠴᠢᠯᠡᠭᠡ ᠬᠤᠳᠠᠯᠳᠤᠨ ᠠᠪᠬᠤ ᠲᠤᠬᠠᠢ︾ ᠬᠠᠤᠯᠢ ᠳᠤ ᠨᠡᠮᠡᠯᠲᠡ ᠥᠭᠡᠷᠡᠴᠢᠯᠡᠯᠲᠡ ᠤᠷᠤᠭᠤᠯᠬᠤ ᠲᠤᠬᠠᠢ ᠬᠠᠤᠯᠢ ᠶᠢᠨ ᠲᠥᠰᠥᠯ ᠦᠨ ᠠᠩᠬᠠᠨ ᠤ ᠬᠡᠯᠡᠯᠴᠡᠭᠦᠯᠭᠡ ᠶᠢ ᠬᠢᠯ᠎ᠡ᠃ ᠵᠠᠰᠠᠭ ᠤᠨ ᠭᠠᠵᠠᠷ ᠠᠴᠠ ᠡᠷᠭᠦᠨ ᠮᠡᠳᠡᠭᠦᠯᠦᠭᠰᠡᠨ ᠬᠠᠤᠯᠢ ᠶᠢᠨ ᠲᠥᠰᠥᠯ ᠳᠦ ᠬᠤᠳᠠᠯᠳᠤᠨ ᠠᠪᠬᠤ ᠠᠵᠢᠯᠯᠠᠭᠠᠨ ᠤ ᠣᠯᠠᠨ  ᠳᠡᠪᠰᠢᠯᠲᠡᠲᠡᠢ ᠠᠰᠠᠭᠤᠳᠠᠯ ᠢ ᠲᠤᠰᠬᠠᠵᠠᠢ ᠭᠡᠵᠦ ᠪᠠᠶᠢᠩᠭᠤ ᠶᠢᠨ ᠬᠣᠷᠢᠶ᠎ᠠ ᠦᠵᠡᠭᠰᠡᠨ ᠪᠠᠶᠢᠨ᠎ᠠ᠃
ᠲᠤᠬᠠᠶᠢᠯᠠᠪᠠᠯ᠂ ᠳᠣᠲᠣᠭᠠᠳᠤ ᠶᠢᠨ ᠦᠢᠯᠡᠳᠪᠦᠷᠢᠯᠡᠯ ᠡᠴᠡ ᠬᠤᠳᠠᠯᠳᠤᠨ ᠠᠪᠬᠤ ᠪᠣᠯᠤᠮᠵᠢ ᠲᠠᠢ  ᠪᠠᠷᠠᠭ᠎ᠠ ᠶᠢ ᠢᠮᠫᠣᠷᠲ ᠤᠨ ᠪᠠᠷᠠᠭᠠᠨ ᠠᠴᠠ ᠲᠤᠰ ᠲᠤ ᠨᠢ ᠪᠠᠭᠴᠠᠯᠠᠬᠤ᠂ ᠳᠣᠲᠣᠭᠠᠳᠤ ᠶᠢᠨ ᠦᠢᠯᠡᠳᠪᠦᠷᠢᠯᠡᠯ ᠢᠶᠡᠷ ᠬᠠᠩᠭᠠᠬᠤ ᠪᠣᠯᠤᠮᠵᠢ ᠲᠠᠢ ᠪᠣᠯ ᠲᠧᠨᠳᠧᠷ ᠰᠢᠯᠭᠠᠷᠠᠭᠤᠯᠤᠯᠲᠠ ᠳᠤ ᠭᠠᠳᠠᠭᠠᠳᠤ ᠶᠢᠨ ᠡᠲᠡᠭᠡᠳ ᠣᠷᠣᠯᠴᠠᠬᠤ ᠶᠢ ᠬᠣᠷᠢᠭᠯᠠᠨ᠎ᠠ ᠭᠡᠵᠦ ᠵᠢᠭᠠᠭᠰᠠᠨ ᠨᠢ ᠦᠨᠳᠦᠰᠦᠨ ᠦ ᠦᠢᠯᠡᠳᠪᠦᠷᠢᠯᠡᠭᠴᠢᠳ ᠢ ᠳᠡᠮᠵᠢᠬᠦ ᠪᠣᠳᠠᠲᠠᠢ ᠠᠯᠬᠤᠮ ᠪᠣᠯᠤᠨ᠎ᠠ ᠭᠡᠵᠦ ᠦᠵᠡᠵᠡᠢ᠃ ᠲᠡᠭᠦᠨᠴᠢᠯᠡᠨ ᠤᠷᠢᠳᠴᠢᠯᠠᠨ ᠬᠤᠳᠠᠯᠳᠤᠨ ᠠᠪᠬᠤ ᠠᠵᠢᠯᠯᠠᠭ᠎ᠠ ᠶᠢ ᠬᠡᠷᠡᠭᠵᠢᠭᠦᠯᠦᠭᠰᠡᠨ ᠢᠶᠡᠷ ᠵᠠᠰᠠᠭ ᠤᠨ ᠭᠠᠵᠠᠷ ᠤᠨ ᠲᠥᠰᠥᠯ᠂ ᠬᠥᠲᠥᠯᠪᠦᠷᠢ ᠶᠢᠨ ᠬᠤᠳᠠᠯᠳᠤᠨ ᠠᠪᠬᠤ ᠠᠵᠢᠯᠯᠠᠭᠠᠨ ᠤ ᠲᠥᠯᠥᠪᠯᠡᠯᠲᠡ ᠶᠢ ᠪᠣᠯᠪᠠᠰᠤᠷᠠᠩᠭᠤᠢ ᠪᠣᠯᠭᠠᠬᠤ᠂ ᠰᠢᠭᠤᠷᠬᠠᠢ ᠪᠠᠶᠢᠳᠠᠯ ᠢ ᠬᠠᠩᠭᠠᠬᠤ᠂ ᠲᠥᠰᠥᠪ ᠬᠡᠮᠨᠡᠬᠦ ᠪᠣᠯᠤᠮᠵᠢ ᠶᠢ ᠪᠦᠷᠢᠳᠦᠭᠦᠯᠬᠦ ᠠᠵᠠᠢ᠃ ᠤᠯᠤᠰ ᠤᠨ ᠲᠥᠰᠥᠪ ᠦᠨ ᠬᠥᠷᠥᠩᠭᠡ ᠪᠡᠷ ᠪᠣᠯᠤᠨ ᠭᠠᠳᠠᠭᠠᠳᠤ ᠶᠢᠨ ᠵᠢᠭᠡᠯᠡ ᠲᠤᠰᠠᠯᠠᠮᠵᠢ ᠶᠢᠨ ᠬᠥᠷᠥᠩᠭᠡ ᠪᠡᠷ ᠬᠡᠷᠡᠭᠵᠢᠳᠡᠭ ᠲᠥᠰᠥᠯ ᠬᠥᠲᠥᠯᠪᠦᠷᠢ ᠨᠦᠭᠦᠳ ᠦᠨ ᠬᠡᠷᠡᠭᠵᠢᠯᠲᠡ ᠶᠢᠨ ᠬᠤᠭᠤᠴᠠᠭ᠎ᠠ ᠰᠤᠨᠵᠢᠷᠠᠵᠤ᠂ ᠦᠷᠭᠦᠢ ᠵᠠᠷᠤᠳᠠᠯ ᠭᠠᠷᠳᠠᠭ᠃ ᠲᠤᠬᠠᠶᠢᠯᠠᠪᠠᠯ᠂ ᠣᠯᠠᠨ ᠤᠯᠤᠰ ᠤᠨ ᠪᠠᠶᠢᠭᠤᠯᠤᠯᠭ᠎ᠠ ᠶᠢᠨ ᠬᠥᠷᠥᠩᠭᠡ ᠪᠡᠷ ᠬᠡᠷᠡᠭᠵᠢᠭᠰᠡᠨ ᠲᠥᠰᠥᠯ ᠦᠳ ᠦᠨ ᠬᠤᠪᠢ ᠳᠤ ᠳᠤᠮᠳᠠᠴᠢ ᠪᠠᠷ ᠬᠤᠳᠠᠯᠳᠤᠨ ᠠᠪᠬᠤ ᠠᠵᠢᠯᠯᠠᠭ᠎ᠠ ᠶᠢ ᠵᠣᠬᠢᠶᠠᠨ ᠪᠠᠶᠢᠭᠤᠯᠬᠤ ᠳᠤ 6 ᠰᠠᠷ᠎ᠠ ᠠᠴᠠ 1 ᠵᠢᠯ ᠦᠨ ᠬᠤᠭᠤᠴᠠᠭ᠎ᠠ ᠵᠠᠷᠤᠴᠠᠭᠤᠯᠤᠭᠳᠠᠳᠠᠭ ᠪᠠᠶᠢᠨ᠎ᠠ᠃  ᠬᠤᠭᠤᠴᠠᠭ᠎ᠠ ᠰᠤᠩᠭᠠᠭᠰᠠᠨ ᠠᠴᠠ ᠰᠢᠯᠲᠠᠭᠠᠯᠠᠨ 400-500 ᠰᠠᠶ᠎ᠠ ᠲᠥᠭᠥᠷᠢᠭ ᠦᠨ  ᠦᠷᠭᠦᠢ ᠵᠠᠷᠤᠳᠠᠯ ᠭᠠᠷᠳᠠᠭ ᠠᠵᠠᠢ ᠃
ᠴᠠᠬᠢᠮ ᠬᠤᠳᠠᠯᠳᠤᠨ ᠠᠪᠬᠤ ᠠᠵᠢᠯᠯᠠᠭ᠎ᠠ ᠶᠢ ᠨᠡᠪᠲᠡᠷᠡᠭᠦᠯᠵᠦ᠂ ᠵᠢᠭᠳᠡᠷᠡᠭᠦᠯᠦᠭᠰᠡᠨ ᠢᠶᠡᠷ ᠬᠤᠳᠠᠯᠳᠤᠨ ᠠᠪᠬᠤ ᠠᠵᠢᠯᠯᠠᠭ᠎ᠠ ᠠᠰᠢᠭ ᠰᠣᠨᠢᠷᠬᠠᠯ ᠠᠴᠠ  ᠠᠩᠭᠢᠳᠠ ᠪᠠᠶᠢᠬᠤ᠂ ᠢᠯᠡ ᠲᠣᠳᠣ ᠪᠠᠶᠢᠳᠠᠯ ᠢ ᠨᠡᠮᠡᠭᠳᠡᠭᠦᠯᠬᠦ᠂ ᠭᠣᠮᠣᠳᠠᠯ ᠮᠠᠷᠭᠤᠭᠠᠨ ᠭᠠᠷᠬᠤ ᠦᠭᠡᠢ ᠪᠠᠶᠢᠬᠤ ᠳᠤ ᠠᠬᠢᠴᠠ ᠭᠠᠷᠤᠨ᠎ᠠ ᠭᠡᠵᠦ ᠲᠣᠭᠠᠴᠠᠭᠰᠠᠨ ᠪᠠᠶᠢᠨ᠎ᠠ᠃ ᠬᠤᠳᠠᠯᠳᠤᠨ ᠠᠪᠬᠤ ᠠᠵᠢᠯᠯᠠᠭ᠎ᠠ ᠲᠤᠩᠭᠠᠯᠠᠭ ᠪᠠᠶᠢᠬᠤ᠂ ᠮᠡᠳᠡᠭᠡᠯᠡᠯ ᠢ ᠣᠷᠣᠯᠴᠠᠭᠴᠢᠳ ᠲᠤ ᠢᠯᠡ ᠪᠣᠯᠭᠠᠬᠤ᠂ ᠬᠠᠤᠯᠢ ᠲᠣᠭᠲᠠᠭᠠᠮᠵᠢ ᠵᠥᠷᠢᠴᠡᠭᠰᠡᠨ ᠪᠣᠯ ᠡᠷᠬᠡ ᠶᠢ ᠨᠢ ᠬᠢᠵᠠᠭᠠᠷᠯᠠᠬᠤ ᠵᠡᠷᠭᠡ ᠠᠰᠠᠭᠤᠳᠠᠯ ᠢ ᠵᠢᠷᠤᠮᠯᠠᠨ ᠵᠣᠬᠢᠴᠠᠭᠤᠯᠬᠤ ᠥᠭᠡᠷᠡᠴᠢᠯᠡᠯᠲᠡ ᠨᠦᠭᠦᠳ ᠢ ᠲᠥᠰᠥᠯ ᠳᠦ ᠲᠤᠰᠬᠠᠭᠰᠠᠨ ᠲᠠᠯ᠎ᠠ ᠪᠠᠷ ᠤᠯᠤᠰ ᠤᠨ ᠶᠡᠬᠡ ᠬᠤᠷᠠᠯ ᠤᠨ ᠭᠡᠰᠢᠭᠦᠨ ᠳ∙ᠲᠣᠭᠲᠠᠬᠤᠰᠦ᠋ᠷᠦᠩ ᠲᠠᠨᠢᠯᠴᠠᠭᠤᠯᠭ᠎ᠠ ᠳᠤ ᠪᠠᠨ ᠳᠤᠷᠠᠳᠤᠯ᠎ᠠ᠃ ᠪᠠᠶᠢᠩᠭᠤ ᠶᠢᠨ ᠬᠣᠷᠢᠶᠠᠨ ᠤ ᠰᠠᠨᠠᠯ ᠳ᠋ᠦᠩᠨᠡᠯᠲᠡ ᠲᠡᠢ ᠬᠣᠯᠪᠣᠭᠳᠠᠭᠤᠯᠤᠨ ᠭᠡᠰᠢᠭᠦᠳ ᠠᠰᠠᠭᠤᠯᠲᠠ ᠠᠰᠠᠭᠤᠵᠤ᠂ ᠪᠠᠶᠢᠷᠢ ᠰᠠᠭᠤᠷᠢ ᠪᠠᠨ ᠢᠯᠡᠷᠬᠡᠶᠢᠯᠡᠭᠰᠡᠨ᠃ ᠢᠩᠭᠢᠭᠡᠳ ᠪᠠᠶᠢᠩᠭᠤ ᠶᠢᠨ ᠬᠣᠷᠢᠶᠠᠨ ᠠᠴᠠ ᠲᠠᠨᠢᠯᠴᠠᠭᠤᠯᠤᠭᠰᠠᠨ ᠵᠠᠷᠴᠢᠮ ᠤᠨ ᠵᠦᠷᠢᠶ᠎ᠡ ᠲᠡᠢ ᠰᠠᠨᠠᠯ ᠤᠨ ᠲᠣᠮᠢᠶᠠᠯᠠᠯ ᠤᠳ ᠢᠶᠠᠷ ᠰᠠᠨᠠᠯ ᠬᠤᠷᠢᠶᠠᠯᠲᠠ ᠶᠠᠪᠤᠭᠤᠯᠵᠤ ᠳᠠᠭᠤᠰᠤᠨ᠂ ᠲᠥᠰᠦᠯ ᠢ ᠡᠴᠦᠰ ᠦᠨ ᠬᠡᠯᠡᠯᠴᠡᠭᠦᠯᠭᠡ ᠳᠦ ᠪᠡᠯᠡᠳᠬᠡᠭᠦᠯᠬᠦ ᠪᠡᠷ ᠲᠥᠰᠦᠪ ᠦᠨ ᠪᠠᠶᠢᠩᠭᠤ ᠶᠢᠨ ᠬᠣᠷᠢᠶᠠᠨ ᠳᠤ ᠰᠢᠯᠵᠢᠭᠦᠯᠦᠭᠰᠡᠨ ᠪᠠᠶᠢᠨ᠎ᠠ᠃

ᠰᠡᠳᠬᠢᠭᠳᠡᠯ ᠦᠯᠡᠳᠡᠭᠡᠬᠦ